ᠡᠨᠧᠷᠭᠢ ᠶᠢᠨ ᠲᠣᠪᠴᠢᠶ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠳᠠ ᠠᠩᠬᠠᠷᠴᠤ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ ᠵᠠᠯᠭᠠᠵᠤ ᠦᠷᠭᠦᠯᠵᠢᠯᠡᠭᠦᠯᠬᠦ ᠎ ᠪᠠᠨ ᠦᠨᠡᠨ ᠬᠦ ᠪᠠᠲᠤᠯᠠᠵᠤ ᠪᠤᠢ
ᠨᠡᠶᠢᠲᠡᠯᠡᠭᠰᠡᠨ ᠴᠠᠭ᠄
2024/11/6

      ᠡᠨᠧᠷᠭᠢ ᠶᠢᠨ ᠲᠣᠪᠴᠢᠶ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠳᠠ ᠠᠩᠬᠠᠷᠴᠤ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ ᠵᠠᠯᠭᠠᠵᠤ ᠦᠷᠭᠦᠯᠵᠢᠯᠡᠭᠦᠯᠬᠦ ᠪᠠᠨ ᠪᠠᠲᠤᠯᠠᠵᠤ ᠪᠤᠢ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠨᠢᠭᠡᠨᠲᠡ ᠬᠢᠨᠠᠵᠤ ᠵᠥᠪᠰᠢᠶᠡᠷᠡᠭᠰᠡᠨ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠤᠨ ᠳᠠᠷᠤᠶᠢᠬᠠᠨ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠵᠤ᠂ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠲᠥᠷᠥᠯ ᠵᠦᠢᠯ ᠢᠶᠠᠨ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠥᠬᠦᠴᠡᠯ ᠪᠦᠷᠢᠳᠦᠭᠦᠯᠦᠭᠰᠡᠨ ᠵᠠᠯᠭᠠᠵᠤ ᠦᠷᠭᠦᠯᠵᠢᠯᠡᠭᠦᠯᠬᠦ ᠲᠥᠷᠥᠯ ᠵᠦᠢᠯ ᠤᠨ ᠤᠷᠤᠭᠰᠢᠲᠠᠢ ᠬᠢᠨᠠᠨ ᠵᠦᠪᠰᠢᠶᠡᠷᠡᠭᠳᠡᠬᠦ ᠶᠢ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠨᠡᠭᠦᠷᠡᠰᠦᠨ ᠠᠭᠤᠷᠬᠠᠶ ᠶᠢ 19 ᠰᠢᠨ᠎ᠡ ᠪᠠᠷ ᠪᠠᠶᠢᠭᠤᠯᠵᠤ᠂ ᠶᠡᠷᠦᠩᠬᠡᠶ ᠦᠢᠯᠡᠳᠪᠦᠷᠢᠯᠡᠬᠦ ᠴᠢᠳᠠᠮᠵᠢ ᠨᠢ ᠪᠠᠷᠤᠭ 1.6 ᠳ᠋ᠦᠩᠰᠢᠭᠤᠷ ᠲᠣᠨ/ ᠵᠢᠯ ᠪᠠᠶᠢᠨ᠎ᠠ᠂ ᠡᠭᠦᠨ ᠳᠤ 5᠎ ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ ᠴᠢᠳᠠᠮᠵᠢ ᠨᠢ 5100 ᠲᠦᠮᠡᠨ ᠲᠣᠨ/ ᠵᠢᠯ ᠪᠠᠶᠢᠵᠦ᠂ ᠵᠢᠱᠢᠯᠲᠡ ᠪᠠᠷ 2025 ᠣᠨ ᠳᠤ ᠰᠢᠯᠵᠢᠭᠦᠯᠦᠨ ᠲᠤᠰᠢᠶᠠᠵᠤ ᠦᠢᠯᠡᠳᠪᠦᠷᠢᠯᠡᠬᠦ ᠪᠤᠯᠤᠨ᠎ᠠ︔ 10᠎ ᠶᠢ ᠨᠢ ᠨᠢᠭᠡᠨᠲᠡ ᠠᠵᠢᠯ ᠡᠬᠢᠯᠡᠭᠦᠯᠵᠦ᠂ ᠵᠢᠱᠢᠯᠲᠡ ᠪᠠᠷ 2025 ᠣᠨ ᠳᠤ 1᠎ ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ ᠴᠢᠳᠠᠮᠵᠢ ᠨᠢ 150 ᠲᠦᠮᠡᠨ ᠲᠣᠨ/ ᠵᠢᠯ ᠪᠤᠯᠤᠨ᠎ᠠ᠂ 2026 ᠣᠨ ᠳᠤ 5 ᠎ ᠶᠢ ᠨᠢ ᠪᠠᠶᠢᠭᠤᠯᠤᠨ ᠳᠠᠭᠤᠰᠬᠠᠵᠤ᠂ ᠦᠢᠯᠡᠳᠪᠦᠷᠢᠯᠡᠬᠦ ᠴᠢᠳᠠᠮᠵᠢ ᠨᠢ 3600 ᠲᠦᠮᠡᠨ ᠲᠣᠨ/ ᠵᠢᠯ ᠪᠤᠯᠤᠨ᠎ᠠ︔ 4᠎ ᠶᠢ ᠨᠢ ᠶᠠᠭ ᠠᠵᠢᠯ ᠡᠬᠢᠯᠡᠭᠦᠯᠬᠦ ᠤᠷᠢᠳᠠᠴᠢ ᠭᠠᠷᠳᠠᠮ ᠢᠶᠠᠨ ᠭᠦᠢᠴᠡᠳᠬᠡᠵᠦ ᠪᠤᠢ᠂ ᠦᠢᠯᠡᠳᠪᠦᠷᠢᠯᠡᠬᠦ ᠴᠢᠳᠠᠮᠵᠢ ᠨᠢ 2900 ᠲᠦᠮᠡᠨ ᠲᠣᠨ/ ᠵᠢᠯ ᠪᠤᠯᠤᠨ᠎ᠠ᠃ ︵ᠡᠨᠧᠷᠭᠢ ᠶᠢᠨ ᠲᠣᠪᠴᠢᠶ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ