|
ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠳᠠᠭᠠᠭᠠᠴᠢᠯᠠᠨ ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠠᠮᠤᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠦᠯᠦᠪᠯᠡᠭᠡ ᠨᠢ ᠰᠢᠨ᠎ᠡ ᠰᠢᠪᠲᠤᠯᠤᠯᠲᠠ ᠲᠠᠢ ᠪᠣᠯᠪᠠ |
|
|
ᠨᠡᠶᠢᠲᠡᠯᠡᠭᠰᠡᠨ ᠴᠠᠭ᠄
2024/11/6
|
|
ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠳᠠᠭᠠᠭᠠᠴᠢᠯᠠᠨ ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠦᠯᠦᠪᠯᠡᠭᠡ ᠨᠢ ᠰᠢᠨ᠎ᠡ ᠰᠢᠪᠲᠤᠯᠤᠯᠲᠠ ᠲᠠᠢ ᠪᠣᠯᠪᠠ᠃ ᠣᠶᠢᠷ᠎ᠠ ᠳᠤ᠂ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ ᠮᠡᠷᠭᠡᠵᠢᠯ ᠢ ᠬᠠᠷᠢᠭᠤᠴᠠᠬᠤ ᠲᠡᠷᠢᠭᠦᠨ ᠵᠡᠷᠭᠡ ᠶᠢᠨ ᠲᠤᠰᠬᠠᠢ ᠮᠡᠷᠭᠡᠵᠢᠯᠲᠡᠨ ᠼᠦᠢ ᠵᠢᠶᠠᠨ ᠭᠦᠸᠧ ᠵᠢᠴᠢ ᠪᠦᠯᠬᠦᠮ ᠤᠨ ᠳᠠᠭᠠᠭᠠᠴᠢᠯᠠᠨ ᠪᠡᠶᠡᠯᠡᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠪᠣᠯᠬᠤ ︽ᠬᠤᠯᠢᠮᠠᠭ ᠬᠤᠪᠣᠷ ᠰᠢᠷᠣᠢ ᠶᠢᠨ ᠨᠠᠷᠢᠯᠢᠭ ᠬᠦᠳᠡᠷ ᠤᠨ ᠬᠦᠴᠢᠯ ᠱᠦᠯᠲᠦ ᠶᠢ ᠡᠭᠡᠳᠡᠩᠵᠢᠭᠦᠯᠦᠨ ᠵᠠᠳᠠᠷᠠᠭᠤᠯᠬᠤ ᠤᠷᠠᠨ ᠳᠠᠷᠬ᠎ᠠ ᠵᠢᠴᠢ ᠤᠲᠤᠭ᠎ᠠ ᠬᠡᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠤᠨ ᠬᠤᠷᠠᠮᠠᠯ ᠵᠢᠱᠢᠶ᠎ᠡ ᠦᠵᠡᠭᠦᠯᠬᠦ︾ ᠰᠤᠳᠤᠯᠭᠠᠨ ᠤ ᠰᠡᠳᠦᠪ ᠨᠢ ᠰᠢᠨ᠎ᠡ ᠰᠢᠪᠲᠤᠯᠤᠯᠲᠠ ᠲᠠᠢ ᠪᠣᠯᠵᠤ᠂ ᠤᠷᠠᠨ ᠳᠠᠷᠬ᠎ᠠ ᠶᠢᠨ ᠭᠤᠣᠯ ᠭᠤᠭᠴᠤᠭᠠᠨ ᠤ ᠨᠢᠭᠡ ᠪᠣᠯᠬᠤ ︽ᠬᠤᠯᠢᠮᠠᠭ ᠬᠤᠪᠣᠷ ᠰᠢᠷᠣᠢ ᠶᠢᠨ ᠨᠠᠷᠢᠯᠢᠭ ᠬᠦᠳᠡᠷ ᠤᠨ ᠬᠦᠴᠢᠯ ᠱᠦᠯᠲᠦ ᠶᠢ ᠡᠭᠡᠳᠡᠩᠵᠢᠭᠦᠯᠦᠨ ᠵᠠᠳᠠᠷᠠᠭᠤᠯᠬᠤ ᠤᠷᠠᠨ ᠳᠠᠷᠬ᠎ᠠ︾ ᠨᠢ ᠨᠢᠭᠡᠨᠲᠡ ᠵᠠᠪᠰᠠᠷ ᠤᠨ ᠬᠤᠭᠤᠴᠠᠭᠠᠨ ᠤ ᠲᠤᠷᠰᠢᠯᠲᠠ ᠶᠢᠨ ᠰᠢᠯᠭᠠᠨ ᠨᠣᠲᠠᠯᠠᠯᠲᠠ ᠶᠢ ᠪᠡᠶᠡᠯᠡᠭᠦᠯᠪᠡ᠃ ᠲᠤᠰ ᠤᠷᠠᠨ ᠳᠠᠷᠬ᠎ᠠ ᠨᠢ ᠬᠤᠪᠤᠷ ᠰᠢᠷᠤᠢ ᠪᠤᠴᠠᠭᠠᠨ ᠬᠤᠷᠢᠶᠠᠬᠤ ᠨᠤᠷᠮ᠎ᠠ ᠶᠢ 94% ᠪᠠᠶᠢᠭᠰᠠᠨ ᠠᠴᠠ 98% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠬᠦᠴᠢᠯ ᠱᠦᠯᠲᠦ ᠵᠡᠷᠭᠡ ᠬᠢᠮᠢ ᠶᠢᠨ ᠲᠦᠭᠦᠬᠡᠢ ᠮᠠᠲ᠋ᠧᠷᠢᠶᠠᠯ ᠤᠨ ᠬᠤᠷᠤᠭᠳᠠᠯ ᠢ 30% ᠪᠠᠷ ᠪᠠᠭᠤᠷᠠᠭᠤᠯᠵᠤ᠂ ᠰᠠᠴᠤᠷᠠᠭ ᠤᠨ ᠴᠢᠨᠠᠷᠲᠠᠢ ᠬᠠᠶᠠᠭᠳᠠᠮᠠᠯ ᠰᠢᠭᠠᠷᠤ ᠶᠢ 90% ᠪᠠᠷ ᠪᠠᠭᠠᠰᠬᠠᠵᠤ᠂ ᠬᠠᠶᠢᠯᠤᠭᠤᠯᠬᠤ ᠰᠢᠭᠤᠳ ᠥᠪᠡᠷ ᠤᠨ ᠦᠷᠳᠡᠭ ᠢ 50% ᠠᠴᠠ ᠳᠡᠭᠡᠭᠰᠢ ᠪᠠᠷ ᠪᠠᠭᠤᠷᠠᠭᠤᠯᠬᠤ ᠪᠣᠯᠣᠨ᠎ᠠ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|