ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ ᠪᠤᠢ︖ ᠥᠪᠥᠷ ᠮᠣᠩᠭᠤᠯ ᠤᠨ ᠵᠢᠷᠭᠤᠭᠠᠨ ᠰᠠᠯᠠᠭ᠎ᠠ ᠮᠥᠴᠢᠷ ᠤᠨ ᠬᠢᠨ ᠬᠠᠷᠢᠭᠤᠯᠪᠠ︕
ᠨᠡᠶᠢᠲᠡᠯᠡᠭᠰᠡᠨ ᠴᠠᠭ᠄
2024/11/6



      11 ᠳ᠋ᠦ᠋ᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠶᠠᠳᠤᠭᠠᠷ ᠲᠠᠯᠠᠪᠤᠷ ᠤᠨ ᠬᠤᠷᠠᠯ – ︽ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠲᠤᠰᠬᠠᠢ ᠲᠠᠯᠠᠪᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠲᠠᠨᠢᠯᠴᠠᠭᠤᠯᠤᠭᠰᠠᠨ ᠮᠥᠷᠲᠡᠭᠡᠨ ᠲᠠᠷᠠᠭᠠᠴᠢ ᠶᠢᠨ ᠠᠯᠬᠤᠮ ᠳᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠬᠡᠷᠬᠢᠨ ᠠᠬᠢᠭᠤᠯᠬᠤ᠂ ᠥᠪᠥᠷ ᠮᠣᠩᠭᠤᠯ ᠤᠨ ᠣᠨᠴᠠᠯᠢᠭ ᠪᠦᠬᠦᠢ ᠳᠠᠪᠠᠭᠤᠯᠢᠭ ᠢ ᠢᠯᠡᠷᠡᠭᠦᠯᠦᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠪᠠᠨ ᠬᠡᠷᠬᠢᠨ ᠲᠦᠷᠭᠡᠳᠬᠡᠨ ᠲᠡᠭᠦᠯᠳᠡᠷᠵᠢᠭᠦᠯᠬᠦ᠂ ᠬᠡᠷᠬᠢᠨ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠴᠢᠨᠠᠷ ᠰᠠᠶᠢᠲᠠᠢ ᠬᠥᠭᠵᠢᠯᠲᠡ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠬᠤ ᠵᠡᠷᠭᠡ ᠲᠠᠯ᠎ᠠ ᠪᠠᠷ ᠰᠤᠷᠪᠤᠯᠵᠢᠯᠠᠭᠴᠢ ᠶᠢᠨ ᠠᠰᠠᠭᠤᠯᠲᠠ ᠨᠤᠭᠤᠳ ᠲᠤ ᠬᠠᠷᠢᠭᠤᠯᠲᠠ ᠥᠭᠴᠡᠢ᠃

      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠪᠠᠶᠢᠳᠠᠯ ᠢᠶᠠᠨ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠪᠠᠷ ᠳᠠᠮᠵᠢᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠪᠠ ᠳᠡᠮᠵᠢᠬᠦ ᠡᠷᠴᠢᠮ ᠢᠶᠠᠨ ᠲᠤᠶᠢᠯ ᠤᠨ ᠶᠡᠭᠡ ᠪᠠᠷ ᠴᠢᠩᠭᠠᠷᠠᠭᠤᠯᠪᠠ᠃ ᠣᠲᠣ ᠪᠣᠯᠲᠠᠯ᠎ᠠ᠂ ᠠᠰᠠᠭᠤᠳᠠᠯ ᠢ ᠰᠢᠢᠳᠪᠦᠷᠢᠯᠡᠬᠦ᠂ ᠬᠠᠷᠢᠯᠴᠠᠵᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠬᠤ ᠳᠥᠷᠪᠡᠨ ᠠᠵᠢᠯ ᠤᠨ ᠰᠢᠰᠲ᠋ᠧᠮ ᠢ ᠨᠢᠭᠡᠨᠲᠡ ᠪᠠᠶᠢᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠣᠲᠣ ᠶᠢᠨ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ ᠪᠠᠨ᠂ ︽ᠬᠡᠪᠴᠢᠶ᠎ᠡ᠂ ᠬᠡᠯᠬᠢᠶ᠎ᠡ᠂ ᠴᠡᠭ︾ ᠭᠤᠷᠪᠠᠨ ᠲᠠᠰ ᠳᠠᠪᠬᠤᠷᠭ᠎ᠠ ᠠᠴᠠ ᠨᠠᠩ ᠪᠣᠳᠠᠲᠠᠢ ᠠᠷᠭ᠎ᠠ ᠬᠡᠮᠵᠢᠶ᠎ᠡ ᠪᠠ ᠨᠠᠩ ᠪᠣᠳᠠᠲᠠᠢ ᠠᠵᠢᠯ ᠢᠶᠠᠷ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ︽ᠬᠡᠪᠴᠢᠶ᠎ᠡ︾ ᠶᠢᠨ ᠲᠠᠯ᠎ᠠ ᠪᠠᠷ᠂ ᠲᠦᠷᠪᠡᠨ ᠠᠵᠢᠯ ᠤᠨ ᠰᠢᠰᠲ᠋ᠧᠮ ᠤᠨ ᠰᠠᠭᠤᠷᠢ ᠠᠵᠢᠯ ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠵᠢᠯ ᠤᠨ ᠪᠦᠷᠬᠦᠴᠡ ᠶᠢ ᠥᠷᠭᠡᠳᠬᠡᠨ᠎ᠡ᠃ ︽ᠮᠧᠩ ᠴᠢ ᠲᠦᠩ︾ ᠵᠡᠷᠭᠡ ᠡᠯ᠎ᠡ ᠲᠥᠷᠥᠯ ᠤᠨ ᠠᠷᠭ᠎ᠠ ᠵᠠᠮ ᠢ ᠦᠷᠭᠦᠯᠵᠢᠯᠡᠨ ᠠᠰᠢᠭᠯᠠᠵᠤ᠂ ᠠᠵᠤ ᠠᠬᠤᠶᠢᠯᠠᠯ ᠤᠳ ᠤᠨ ᠲᠤᠰᠬᠠᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠬᠡᠬᠦ ᠠᠵᠢᠯ ᠢᠶᠠᠨ ᠰᠠᠶᠢᠲᠤᠷ ᠬᠢᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠤᠳ ᠲᠠᠢ ᠬᠠᠷᠢᠯᠴᠠᠵᠤ ᠦᠢᠯᠡᠴᠢᠯᠡᠬᠦ ᠡᠯ᠎ᠡ ᠵᠦᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠣᠯᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠦᠢᠯᠡᠴᠢᠯᠡᠭᠡ ᠶᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃ ︽ᠬᠡᠯᠬᠢᠶ᠎ᠡ︾ ᠶᠢᠨ ᠲᠠᠯ᠎ᠠ ᠪᠠᠷ᠂ ᠠᠵᠤ ᠦᠢᠯᠡᠰ ᠤᠨ ᠬᠡᠯᠬᠢᠶᠡᠨ ᠳᠠᠬᠢ ᠳᠡᠭᠡᠳᠦ ᠳᠣᠣᠷᠠᠳᠤ ᠬᠡᠯᠬᠢᠶᠡᠨ ᠤ ᠬᠤᠭᠤᠷᠣᠨᠳᠣᠬᠢ᠂ ᠡᠯ᠎ᠡ ᠭᠤᠭᠴᠣᠭᠠᠨ ᠤ ᠬᠤᠭᠤᠷᠣᠨᠳᠣᠬᠢ ᠠᠵᠤ ᠠᠬᠤᠶᠢᠯᠠᠯ ᠬᠢᠭᠡᠳ ᠳᠦᠷᠦ ᠶᠢᠨ ᠪᠣᠳᠣᠯᠭ᠎ᠠ ᠶᠢ ᠬᠤᠯᠪᠣᠵᠤ᠂ ︽ᠬᠡᠯᠬᠢᠶ᠎ᠡ︾ ᠬᠡᠯᠪᠡᠷᠢ ᠪᠠᠷ ᠬᠥᠭᠵᠢᠯᠲᠡ ᠶᠢ ᠠᠬᠢᠭᠤᠯᠤᠨ᠎ᠠ︔ ︽ᠴᠡᠭ︾ ᠤᠨ ᠲᠠᠯ᠎ᠠ ᠪᠠᠷ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠠᠬᠢ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠳᠤ ᠨᠠᠩ ᠣᠨᠣᠪᠴᠢᠲᠠᠶ ᠲᠥᠪᠯᠡᠷᠡᠭᠦᠯᠵᠦ᠂ ᠠᠵᠢᠯ ᠤᠨ ᠲᠤᠰᠤᠯᠲᠠ ᠪᠠᠨ ᠪᠣᠳᠠᠲᠠᠢ ᠪᠠᠷ ᠠᠳᠬᠤᠨ᠎ᠠ᠃

      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠲᠦᠷᠦ ᠶᠢᠨ ᠪᠣᠳᠣᠯᠭ᠎ᠠ ᠪᠠᠷ ᠲᠤᠯᠭᠠᠭᠤᠷᠢᠯᠠᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠤᠳᠤ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠠᠵᠢᠯ ᠲᠦᠷᠦᠯ ᠤᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠦᠢᠯᠡᠴᠢᠯᠡᠭᠡ ᠪᠠᠲᠤᠯᠠᠭ᠎ᠠ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠬᠦ ᠵᠡᠷᠭᠡ ᠳᠦᠷᠪᠡᠨ ᠲᠠᠯ᠎ᠠ ᠠᠴᠠ ᠬᠦᠴᠦᠯᠡᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠳᠠᠪᠠᠭᠤᠯᠢᠭ ᠢ ᠢᠯᠡᠷᠡᠭᠦᠯᠦᠭᠰᠡᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠣᠭᠲᠠᠴᠠ ᠪᠠᠨ ᠲᠦᠷᠭᠡᠳᠬᠡᠨ ᠲᠡᠭᠦᠯᠳᠡᠷᠵᠢᠭᠦᠯᠵᠦ ᠪᠠᠶᠢᠨ᠎ᠠ᠃ ᠵᠢᠱᠢᠶᠡᠯᠡᠪᠡᠯ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ︽1+7︾ ᠲᠦᠷᠦ ᠶᠢᠨ ᠪᠣᠳᠣᠯᠭ᠎ᠠ ᠶᠢᠨ ᠲᠣᠭᠲᠠᠯᠴᠠᠭᠠᠨ ᠤ ᠨᠠᠶᠢᠳᠠᠪᠤᠷᠢᠵᠢᠭᠤᠯᠵᠤ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ ᠠᠬᠢᠭᠤᠯᠵᠤ᠂ ᠤᠯᠠᠮᠵᠢᠯᠠᠯᠲᠤ᠂ ᠰᠢᠨ᠎ᠡ ᠪᠠᠷ ᠬᠥᠭᠵᠢᠭᠰᠡᠨ᠂ ᠢᠷᠡᠭᠡᠳᠦᠢ ᠶᠢᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠵᠡᠷᠭᠡ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠣᠭᠲᠠᠴᠠ ᠪᠠᠨ ᠪᠦᠷᠢᠨᠰᠢᠭᠦᠯᠦᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠪᠤᠵᠠᠭᠠᠶᠢᠷᠠᠭᠤᠯᠵᠤ᠂ ᠪᠠᠶᠢᠩᠭᠤᠰᠢᠭᠤᠯᠤᠭᠰᠠᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠪᠠ ᠴᠢᠬᠤᠯᠠ ᠶᠡᠭᠡ ᠲᠥᠷᠥᠯ ᠵᠦᠢᠯ ᠢ ᠠᠬᠢᠭᠤᠯᠤᠨ ᠵᠣᠬᠢᠴᠠᠭᠤᠯᠬᠤ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠬᠦ ᠵᠡᠷᠭᠡ ᠪᠣᠯᠣᠨ᠎ᠠ᠃ ᠲᠠᠨᠢᠯᠴᠠᠭᠤᠯᠤᠭᠰᠠᠨ ᠢᠶᠠᠷ᠂ 1 ᠠᠴᠠ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠤᠨ ᠪᠥᠬᠦ ᠣᠷᠣᠨ ᠳᠠᠬᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠪᠥᠬᠦ ᠵᠢᠯ ᠤᠨ 7% ᠶᠢᠨ ᠵᠢᠱᠢᠭᠰᠡᠨ ᠬᠠᠷᠠᠯᠲᠠ ᠠᠴᠠ ᠥᠨᠳᠥᠷ ᠪᠣᠯᠵᠠᠢ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 12.2% ᠢᠶᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ 82.4% ᠶᠢ ᠪᠡᠶᠡᠯᠡᠭᠦᠯᠪᠡ᠃

      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠭᠤᠯᠭᠠᠬᠤ ᠶᠣᠰᠣᠲᠠᠢ ᠶᠢ ᠨᠢ ᠪᠦᠬᠦᠨ ᠢ ᠪᠠᠭᠤᠯᠭᠠᠬᠤ ᠵᠠᠷᠴᠢᠮ ᠶᠣᠰᠣᠭᠠᠷ᠂ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠶᠢᠨ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠠᠭᠤᠵᠢᠭᠤ ᠪᠣᠯᠭᠠᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ ᠬᠢᠨᠠᠨ ᠵᠥᠪᠰᠢᠶᠡᠷᠡᠬᠦ ᠴᠣᠪᠣᠷᠠᠯ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠬᠡᠷᠡᠭᠯᠡᠬᠦ ᠲᠠᠯ᠎ᠠ ᠪᠠᠷ ᠬᠢ ᠡᠵᠡ ᠮᠡᠳᠡᠬᠦ ᠡᠷᠬᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠮᠥᠩᠭᠦ ᠶᠢᠨ ᠲᠣᠭᠠᠴᠠᠭ᠎ᠠ ᠬᠢᠬᠦ ᠠᠰᠢᠭᠯᠠᠮᠵᠢ ᠶᠢ ᠳᠡᠭᠡᠭᠰᠢᠯᠡᠭᠦᠯᠦᠨ᠎ᠡ᠃


1.jpg

      ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠲᠣᠭᠤᠷᠢᠭ᠃


      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠨᠡᠶᠢᠭᠡᠮᠴᠢᠯᠡᠭᠰᠡᠨ ︽ᠲᠣᠮᠣ ᠦᠢᠯᠡᠴᠢᠯᠡᠭᠡ︾ ᠶᠢᠨ ᠲᠣᠭᠲᠠᠯᠴᠠᠭ᠎ᠠ ᠶᠢ ᠪᠠᠶᠢᠭᠤᠯᠬᠤ ᠪᠠᠷ ᠬᠦᠴᠦᠯᠡᠨ᠂ ᠡᠯ᠎ᠡ ᠲᠦᠷᠦᠯ ᠤᠨ ᠦᠢᠯᠡᠴᠢᠯᠡᠭᠡᠨ ᠤ ᠭᠤᠣᠯ ᠴᠣᠭᠴᠠ ᠶᠢ ᠪᠣᠶᠢᠵᠢᠭᠤᠯᠤᠨ ᠴᠢᠩᠭᠠᠳᠬᠠᠬᠤ ᠪᠠᠷ ᠬᠦᠴᠦᠯᠡᠵᠦ᠂ ᠦᠢᠯᠡᠴᠢᠯᠡᠭᠡᠨ ᠤ ᠬᠦᠷᠢᠶ᠎ᠡ ᠶᠢ ᠦᠷᠭᠡᠳᠬᠡᠵᠦ ᠤᠷᠲᠤᠳᠬᠠᠬᠤ ᠪᠠᠷ ᠬᠦᠴᠦᠯᠡᠨ᠂ ᠤᠯᠠᠨ ᠲᠡᠰ ᠳᠠᠪᠬᠤᠷᠭ᠎ᠠ ᠲᠠᠢ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠬᠦ ᠪᠠᠷ ᠬᠦᠴᠦᠯᠡᠵᠦ᠂ ᠳᠥᠭᠦᠮ ᠳᠥᠲᠡ ᠪᠦᠭᠡᠳ ᠥᠨᠳᠥᠷ ᠪᠦᠲᠦᠮᠵᠢᠲᠡᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠭᠤᠭᠴᠤᠭ᠎ᠠ ᠪᠦᠬᠦ ᠬᠡᠯᠬᠢᠶ᠎ᠡ ᠶᠢ ᠬᠠᠮᠤᠷᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠲᠥᠷᠥᠯ ᠵᠦᠢᠯ ᠤᠨ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠰᠦᠷᠯᠢᠭ ᠲᠣᠷᠪᠢᠯᠢᠭ︾ ᠬᠥᠲᠥᠴᠢ ᠠᠵᠤ ᠠᠬᠤᠶᠢᠯᠠᠯ᠂ ᠲᠤᠰᠬᠠᠢ ᠦᠢᠯᠡᠴᠢᠯᠡᠭᠡᠨ ᠤ ᠺᠣᠮᠫᠠᠨᠢ ᠨᠤᠭᠤᠳ ᠠᠴᠠ ᠬᠤᠰᠢᠭᠤᠷᠠᠯ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠬᠤ ᠪᠠᠷ ᠪᠠᠷᠠᠬᠤ ᠦᠭᠡᠢ᠂ ᠪᠠᠰᠠ ︽ᠦᠯᠡᠮᠵᠢ ᠣᠯᠠᠨ︾ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠦᠢᠯᠡᠴᠢᠯᠡᠭᠡᠨ ᠤ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠡᠯ᠎ᠡ ᠲᠥᠷᠥᠯ ᠤᠨ ᠦᠢᠯᠡᠴᠢᠯᠡᠭᠡᠨ ᠤ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠭᠰᠠᠨ ᠣᠯᠠᠨ ᠡᠰᠢᠲᠦ ᠦᠢᠯᠡᠴᠢᠯᠡᠭᠡᠨ ᠤ ᠬᠡᠯᠪᠡᠷᠢ ᠶᠢ ᠬᠠᠶᠢᠨ ᠰᠦᠪᠡᠭᠴᠢᠯᠡᠭᠦᠯᠦᠨ᠎ᠡ᠃ ᠣᠳᠣᠬᠠᠨ ᠳᠤ᠂ ᠪᠥᠬᠦ ᠣᠷᠣᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠨᠢᠭᠡᠨᠲᠡ 3000 ᠲᠦᠮᠡᠨ ᠮᠦ ᠳᠤ ᠬᠦᠷᠴᠦ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠨᠢᠭᠡᠨᠲᠡ ᠪᠥᠬᠦ ᠣᠷᠣᠨ ᠤ 70% ᠶᠢᠨ ᠦᠬᠡᠷ ᠬᠤᠨᠢ ᠲᠡᠵᠢᠭᠡᠨ ᠦᠷᠡᠵᠢᠭᠦᠯᠵᠤ ᠪᠠᠶᠢᠭ᠎ᠠ ᠶᠢ ᠬᠠᠮᠤᠷᠪᠠ᠃


2.jpg

      ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠬᠢᠯᠢ ᠶᠢᠨ ᠪᠣᠭᠤᠮᠲᠠ ᠪᠠᠷ ᠳᠠᠮᠵᠢᠨ ᠬᠢᠯᠢ ᠳᠤ ᠣᠷᠣᠵᠤ ᠪᠠᠶᠢᠭ᠎ᠠ ᠨᠢ᠃


      ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ᠥᠪᠥᠷ ᠮᠣᠩᠭᠤᠯ ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠬᠢᠯᠢ ᠶᠢᠨ ᠪᠣᠭᠤᠮᠲᠠ ᠶᠢᠨ ᠪᠣᠭᠤᠮᠲᠠ ᠪᠠᠷ ᠣᠷᠣᠭᠤᠯᠵᠤ ᠭᠠᠷᠭᠠᠬᠤ ᠬᠦᠷᠢᠶᠡᠨ ᠳᠠᠬᠢ ᠥᠭᠡᠷᠡᠴᠢᠯᠡᠯᠲᠡ ᠶᠢᠨ ᠴᠢᠬᠤᠯᠠ ᠵᠦᠢᠯᠡᠰ ᠪᠣᠯᠭᠠᠪᠠ᠃ ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠵᠡᠷᠭᠡ 11 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠪᠠ᠃ ᠥᠪᠥᠷ ᠮᠣᠩᠭᠤᠯ 2023 ᠣᠨ ᠠᠴᠠ ᠡᠬᠢᠯᠡᠨ ᠮᠠᠨᠵᠤᠤᠷ᠂ ᠡᠷᠢᠶᠡᠨ ᠬᠤᠲᠠ ᠶᠢᠨ ᠤᠯᠤᠰ ᠤᠨ ᠣᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠡᠬᠢᠯᠡᠭᠦᠯᠵᠦ᠂ ᠪᠤᠰᠤᠳ ᠬᠢᠯᠢ ᠶᠢᠨ ᠪᠣᠭᠤᠮᠲᠠ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠴᠦ ᠡᠮᠬᠢ ᠵᠢᠷᠤᠮ ᠲᠠᠢ ᠠᠬᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠢᠨ ᠣᠶᠤᠨᠲᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠢᠯᠢ ᠶᠢᠨ ᠪᠣᠭᠤᠮᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠨᠡᠭᠡᠭᠡᠯᠲᠡ ᠲᠠᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃

      ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠠᠵᠤ ᠠᠬᠤᠶᠢᠯᠠᠯ ᠢ ᠬᠢᠨᠠᠨ ᠬᠠᠮᠢᠶᠠᠷᠬᠤ ᠶᠠᠪᠤᠴᠠ ᠳᠤ ᠪᠠᠨ ᠠᠯᠳᠠᠭᠳᠠᠯ ᠲᠠᠢ ᠠᠵᠤ ᠠᠬᠤᠶᠢᠯᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠠᠯᠳᠠᠭᠳᠠᠯ ᠲᠠᠢ ᠠᠵᠤ ᠠᠬᠤᠶᠢᠯᠠᠯ ᠢ ᠲᠦᠢᠯᠪᠦᠷᠢᠲᠠᠢ ᠵᠠᠰᠠᠬᠤ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ ᠠᠯᠳᠠᠭᠳᠠᠯ ᠢ ᠵᠠᠰᠠᠬᠤ ᠲᠥᠰᠥᠯ ᠲᠣᠭᠲᠠᠭᠠᠬᠤ᠂ ︽ᠬᠤᠶᠠᠷ ᠲᠠᠯ᠎ᠠ︾ ᠶᠢ ᠦᠨᠡᠨ ᠬᠦ ᠠᠩᠬᠠᠷᠴᠤ ︽ᠬᠤᠶᠠᠷ ᠢ ᠪᠠᠭᠤᠷᠠᠭᠤᠯᠬᠤ︾ ᠪᠠᠨ ᠪᠡᠶᠡᠯᠡᠭᠦᠯᠬᠦ ᠶᠢ ᠠᠬᠢᠭᠤᠯᠬᠤ ᠵᠡᠷᠭᠡ ᠬᠦᠴᠦᠲᠡᠢ ᠪᠦᠭᠡᠳ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠯᠳᠠᠭᠳᠠᠯ ᠢ ᠪᠠᠭᠠᠰᠬᠠᠵᠤ ᠠᠯᠳᠠᠭᠳᠠᠯ ᠢ ᠵᠠᠰᠠᠬᠤ ᠠᠵᠢᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ 2025 ᠣᠨ ᠤ ᠡᠴᠦᠰ ᠪᠣᠯᠬᠤ ᠳᠤ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭᠠᠯᠠᠬᠤ ᠠᠵᠤ ᠠᠬᠤᠶᠢᠯᠠᠯ ᠤᠨ ᠠᠯᠳᠠᠭᠳᠠᠯ ᠤᠨ ᠬᠡᠪᠴᠢᠶ᠎ᠡ᠂ ᠠᠯᠳᠠᠭᠳᠠᠯ ᠤᠨ ᠬᠡᠮᠵᠢᠶ᠎ᠡ ᠶᠢ ᠶᠡᠭᠡ ᠪᠠᠷ ᠪᠠᠭᠤᠷᠠᠭᠤᠯᠬᠤ ᠪᠠᠷ ᠴᠢᠷᠮᠠᠶᠢᠨ᠎ᠠ᠃



 

 


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ