|
ᠲᠦᠩᠯᠢᠶᠣᠣ ᠬᠤᠳᠠ ᠤᠯᠠᠭᠠᠨᠴᠠᠪ ᠬᠤᠳᠠ 2025 ᠣᠨ ᠤ ᠭᠤᠣᠯᠳᠠᠯᠭ᠎ᠠ ᠪᠣᠯᠬᠤ ᠲᠦᠷᠦᠯ ᠵᠦᠢᠯ ᠢ ᠨᠥᠭᠡᠴᠡᠯᠡᠬᠦ ᠪᠠᠨ ᠡᠷᠲᠡᠬᠡᠨ ᠲᠥᠯᠥᠪᠯᠡᠵᠦ ᠪᠣᠢ |
|
|
ᠨᠡᠶᠢᠲᠡᠯᠡᠭᠰᠡᠨ ᠴᠠᠭ᠄
2024/11/7
|
|
ᠲᠦᠩᠯᠢᠶᠣᠤ ᠬᠤᠳᠠ ᠂ ᠤᠯᠠᠭᠠᠨᠴᠠᠪ ᠬᠤᠳᠠ 2025 ᠣᠨ ᠤ ᠭᠤᠣᠯᠳᠠᠯᠭ᠎ᠠ ᠪᠣᠯᠬᠤ ᠲᠦᠷᠦᠯ ᠵᠦᠢᠯ ᠢ ᠨᠥᠭᠡᠴᠡᠯᠡᠬᠦ ᠪᠠᠨ ᠡᠷᠲᠡᠬᠡᠨ ᠲᠥᠯᠥᠪᠯᠡᠵᠦ ᠪᠣᠢ ᠃ 2025 ᠣᠨ ᠳᠤ ᠂ ᠲᠦᠩᠯᠢᠶᠣᠤ ᠬᠣᠲᠠ 500 ᠲᠦᠮᠡᠨ ᠲᠥᠭᠥᠷᠢᠭ ᠡᠴᠡ ᠳᠡᠭᠡᠭᠰᠢᠬᠢ ᠭᠤᠣᠯᠳᠠᠯᠭ᠎ᠠ ᠪᠣᠯᠬᠤ ᠲᠦᠷᠦᠯ ᠵᠦᠢᠯ ᠢ 516 ᠬᠡᠷᠡᠭᠵᠢᠭᠦᠯᠬᠦ ᠪᠡᠷ ᠲᠥᠯᠥᠪᠯᠡᠵᠦ ᠂ ᠲᠡᠳᠡᠭᠡᠷ ᠤᠨ ᠶᠡᠷᠦᠩᠬᠡᠶ ᠪᠠᠯᠠ ᠣᠷᠣᠭᠤᠯᠤᠯᠲᠠ ᠶᠢ 2532.8 ᠳ᠋ᠦᠩᠰᠢᠭᠤᠷ ᠲᠥᠭᠥᠷᠢᠭ ᠂ ᠵᠢᠯ ᠤᠨ ᠪᠠᠯᠠ ᠣᠷᠣᠭᠤᠯᠤᠯᠲᠠ ᠶᠢ 712.3 ᠳ᠋ᠦᠩᠰᠢᠭᠤᠷ ᠲᠥᠭᠥᠷᠢᠭ ᠢᠶᠠᠷ ᠲᠥᠯᠥᠪᠯᠡᠪᠡ ᠃ ᠡᠭᠦᠨ ᠳᠤ ᠂ ᠰᠢᠨ᠎ᠡ ᠪᠠᠷ ᠪᠠᠶᠢᠭᠤᠯᠬᠤ ᠲᠥᠷᠥᠯ ᠵᠦᠢᠯ 301 ᠪᠠᠶᠢᠵᠤ ᠂ ᠵᠢᠯ ᠦᠨ ᠪᠡᠯᠡ ᠣᠷᠣᠭᠤᠯᠤᠯᠲᠠ ᠶᠢ ᠨᠢ 389.2 ᠳ᠋ᠦᠩᠰᠢᠭᠤᠷ ᠲᠥᠭᠥᠷᠢᠭ ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 215 ᠪᠠᠶᠢᠵᠤ ᠂ ᠵᠢᠯ ᠦᠨ ᠪᠡᠯᠡ ᠣᠷᠣᠭᠤᠯᠤᠯᠲᠠ ᠶᠢ ᠨᠢ 323.11 ᠳ᠋ᠦᠩᠰᠢᠭᠤᠷ ᠲᠥᠭᠥᠷᠢᠭ ᠢᠶᠡᠷ ᠲᠥᠯᠥᠪᠯᠡᠵᠡᠶ ᠃ ᠣᠳᠣᠬᠠᠨ ᠳᠤ ᠂ ᠡᠮᠦᠨᠡᠬᠢ ᠬᠤᠭᠤᠴᠠᠭᠠᠨ ᠤ ᠭᠠᠷᠳᠠᠮ ᠢᠶᠠᠨ ᠪᠥᠬᠦᠨ ᠢᠶᠠᠷ ᠨᠢ ᠭᠦᠶᠴᠡᠳᠬᠡᠵᠦ ᠳᠠᠭᠤᠰᠬᠠᠭᠰᠠᠨ ᠲᠥᠷᠥᠯ ᠵᠦᠶᠯ ᠨᠡᠶᠢᠲᠡ 219 ᠪᠠᠶᠢᠵᠤ ᠂ ᠲᠥᠷᠥᠯ ᠵᠦᠶᠯ ᠦᠨ ᠭᠠᠷᠳᠠᠮ ᠢ ᠭᠦᠶᠴᠡᠳᠬᠡᠵᠦ ᠳᠠᠭᠤᠰᠬᠠᠭᠰᠠᠨ ᠨᠣᠷᠮ᠎ᠠ ᠨᠢ 42.4% ᠪᠣᠯᠪᠠ ᠃ ᠤᠯᠠᠭᠠᠨᠴᠠᠪ ᠬᠣᠲᠠ 212 ᠴᠢᠬᠤᠯᠠ ᠶᠡᠬᠡ ᠲᠥᠷᠥᠯ ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ ᠂ ᠲᠡᠳᠡᠭᠡᠷ ᠤᠨ ᠶᠡᠷᠦᠩᠬᠡᠢ ᠪᠡᠯᠡ ᠣᠷᠤᠭᠤᠯᠤᠯᠲᠠ ᠶᠢ 2012 ᠳ᠋ᠦᠩᠰᠢᠭᠤᠷ ᠲᠥᠭᠥᠷᠢᠭ ᠂ ᠵᠢᠯ ᠤᠨ ᠪᠡᠯᠡ ᠣᠷᠤᠭᠤᠯᠤᠯᠲᠠ ᠶᠢ 464 ᠳ᠋ᠦᠩᠰᠢᠭᠤᠷ ᠲᠥᠭᠥᠷᠢᠭ ᠢᠶᠠᠷ ᠲᠥᠯᠥᠪᠯᠡᠪᠡ ᠃ ᠡᠭᠦᠨ ᠳᠦ ᠂ 47 ᠳ᠋ᠦᠩᠰᠢᠭᠤᠷ ᠲᠥᠭᠥᠷᠢᠭ ᠦᠨ ᠪᠠᠯᠠ ᠣᠷᠣᠭᠤᠯᠤᠨ ᠂ ᠳ᠋ᠠᠶᠢᠲ᠋ᠠ ᠶᠢᠨ ᠲᠥᠪ ᠦᠨ ᠲᠥᠷᠥᠯ ᠵᠦᠶᠯ ᠢ 22 ᠬᠡᠷᠡᠭᠵᠢᠭᠦᠯᠬᠦ ᠪᠠᠷ ᠲᠥᠯᠥᠪᠯᠡᠵᠦ ᠂ ᠪᠥᠬᠥ ᠤᠯᠤᠰ ᠲᠤ ᠬᠠᠨᠳᠤᠭᠤᠯᠤᠭᠰᠠᠨ ︽ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ︾ ᠪᠤᠳᠤᠯᠭ᠎ᠠ ᠶᠢᠨ ᠬᠦᠴᠦᠨ ᠦ ᠪᠠᠲᠤᠯᠠᠭ᠎ᠠ ᠶᠢᠨ ᠰᠠᠭᠤᠷᠢᠨ ᠭᠠᠵᠠᠷ ᠢ ᠢᠳᠡᠪᠬᠢᠲᠡᠶ ᠪᠠᠶᠢᠭᠤᠯᠤᠨ᠎ᠠ ︔ ︽ ᠨᠣᠬᠠᠢ ᠶᠢᠨ ᠬᠤᠰᠢᠭᠤ᠂ ᠢᠳᠡᠰᠢᠨ ᠨᠣᠭᠣᠭ᠎ᠠ ᠂ ᠲᠥᠮᠥᠰᠥ ᠂ ᠦᠬᠡᠷ ᠤᠨ ᠮᠢᠬ᠎ᠠ ᠂ ᠬᠤᠨᠢᠨ ᠮᠢᠬ᠎ᠠ᠂ ᠰᠦ ᠰᠠᠭᠠᠯᠢ ︾ ᠶᠢᠨ ᠳᠠᠪᠠᠭᠤᠯᠢᠭ ᠠᠵᠤ ᠦᠶᠯᠡᠰ ᠦᠨ ᠲᠣᠭᠣᠷᠢᠨ ᠳᠤ ᠂ 15 ᠳ᠋ᠦᠩᠰᠢᠭᠤᠷ ᠲᠥᠭᠥᠷᠢᠭ ᠦᠨ ᠪᠠᠯᠠ ᠣᠷᠣᠭᠤᠯᠬᠤ ᠪᠠᠷ ᠲᠥᠯᠥᠪᠯᠡᠵᠦ ᠂ ᠣᠲᠣ ᠦᠶ᠎ᠡ ᠶᠢᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠲᠠᠷᠢᠶᠠᠯᠠᠩ ᠤᠨ ᠠᠵᠤ ᠦᠶᠯᠡᠰ ᠦᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ 22 ᠲᠥᠷᠥᠯ ᠵᠦᠶᠯ ᠢ ᠬᠡᠷᠡᠭᠵᠢᠭᠦᠯᠬᠦ ᠪᠠᠷ ᠪᠣᠢ ︔ ᠰᠠᠯᠬᠢ ᠭᠡᠷᠡᠯ ᠤᠰᠤᠲᠥ᠋ᠷᠥᠭᠴᠢ ᠨᠥᠭᠡᠴᠡ ᠶᠢ ᠠᠭᠤᠰᠤᠯᠴᠠᠭᠤᠯᠤᠨ ᠬᠥᠭᠵᠢᠭᠦᠯᠬᠦ ᠳᠦ ᠠᠩᠬᠠᠷᠤᠯ ᠢᠶᠠᠨ ᠲᠥᠪᠯᠡᠷᠡᠭᠦᠯᠵᠦ ᠂ 289 ᠳ᠋ᠦᠩᠰᠢᠭᠤᠷ ᠲᠥᠭᠥᠷᠢᠭ ᠦᠨ ᠪᠠᠯᠠ ᠣᠷᠣᠭᠤᠯᠬᠤ ᠪᠠᠷ ᠲᠥᠯᠥᠪᠯᠡᠵᠦ ᠂ ᠵᠦᠸᠧᠽᠢ ᠰᠢᠶᠠᠨ ᠤ 100 ᠲᠦᠮᠡᠨ ᠺᠢᠯᠣᠸᠠᠲ / 600 ᠲᠦᠮᠡᠨ ᠺᠢᠯᠣᠸᠠᠲ ᠴᠠᠭ ᠤᠨ ᠴᠠᠬᠢᠯᠭᠠᠨ ᠲᠣᠸᠷ ᠤᠨ ᠲᠠᠯ᠎ᠠ ᠶᠢᠨ ᠡᠨᠧᠷᠭᠢ ᠬᠠᠳᠠᠭᠠᠯᠠᠬᠤ ᠵᠡᠷᠭᠡ 44 ᠲᠥᠷᠥᠯ ᠵᠦᠶᠯ ᠦᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ︔ ᠤᠯᠠᠭᠠᠨᠴᠠᠪ – ᠡᠷᠢᠶᠡᠨ ᠤ ᠤᠯᠤᠰ ᠤᠨ ᠪᠠᠷᠠᠭᠠᠨ ᠤ ᠭᠦᠶᠯᠭᠡᠭᠡᠨ ᠦ ᠬᠦᠢᠰᠦ ᠶᠢᠨ ᠪᠥᠲᠥᠭᠡᠨ ᠪᠠᠶᠢᠭᠤᠯᠤᠯᠲᠠ ᠪᠠ ᠬᠢᠯᠢ ᠶᠢᠨ ᠪᠣᠭᠣᠮᠲᠠ ᠬᠢᠭᠡᠳ ᠥᠷᠥᠴᠡ ᠭᠠᠵᠠᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢᠨ ᠲᠣᠭᠣᠷᠢᠨ ᠳᠤ ᠂ 12 ᠳ᠋ᠦᠩᠰᠢᠭᠤᠷ ᠲᠥᠭᠥᠷᠢᠭ ᠦᠨ ᠪᠠᠯᠠ ᠣᠷᠣᠭᠤᠯᠬᠤ ᠪᠠᠷ ᠲᠥᠯᠥᠪᠯᠡᠵᠦ ᠂ ᠵᠠᠮ ᠬᠠᠷᠢᠯᠴᠠᠭ᠎ᠠ ᠪᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠶᠯᠭᠡᠭᠡᠨ ᠦ 10 ᠲᠥᠷᠥᠯ ᠵᠦᠶᠯ ᠦᠨ ᠪᠥᠲᠥᠭᠡᠨ ᠪᠠᠶᠢᠭᠤᠯᠤᠯᠲᠠ ᠶᠢ ᠭᠣᠸᠯᠳᠠᠯᠭ᠎ᠠ ᠲᠠᠶ ᠠᠬᠢᠭᠤᠯᠬᠤ ᠪᠣᠯᠣᠨ᠎ᠠ ᠃ ︵ ᠲᠦᠩᠯᠢᠶᠣᠤ ᠬᠣᠲᠠ ᠶᠢᠨ ᠵᠠᠰᠠᠭ ᠤᠨ ᠣᠷᠳᠣᠨ᠂ ᠤᠯᠠᠭᠠᠨᠴᠠᠪ ᠬᠣᠲᠠ ᠶᠢᠨ ᠵᠠᠰᠠᠭ ᠤᠨ ᠣᠷᠳᠣᠨ ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|