|
ᠰᠢ ᠶᠢᠨ ᠫᠢᠩ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠧᠷᠠᠮᠫᠦ᠋ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ |
|
|
ᠨᠡᠶᠢᠲᠡᠯᠡᠭᠰᠡᠨ ᠴᠠᠭ᠄
2024/11/7
|
|
ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 7 ᠤ ᠴᠠᠬᠢᠯᠭᠠᠨ ᠮᠡᠳᠡᠭᠡ 11 ᠳ᠋ᠦ᠋ᠭᠡᠷ ᠰᠠᠷ᠎ᠠ ᠶᠢᠨ 7 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ᠂ ᠳ᠋ᠣᠨᠠᠣᠳ᠋ · ᠲᠧᠷᠠᠮᠫᠦ᠋ ᠶᠢᠨ ᠠᠮᠧᠷᠢᠺᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ ᠃ ᠰᠢ ᠶᠢᠨ ᠫᠢᠩ ᠵᠢᠭᠠᠵᠤ ᠭᠠᠷᠭᠠᠬᠤ ᠳᠤ ᠪᠠᠨ ᠂ ᠳᠤᠮᠳᠠᠳᠤ ᠠᠮᠧᠷᠢᠺᠠ ᠬᠠᠮᠲᠤᠷᠠᠪᠠᠯ ᠬᠤᠶᠠᠷ ᠲᠠᠯ᠎ᠠ ᠳᠤ ᠨᠢ ᠴᠥᠮ ᠠᠰᠢᠭᠲᠠᠢ᠂ ᠲᠡᠮᠡᠴᠡᠯᠳᠦᠪᠡᠯ ᠬᠤᠶᠠᠷ ᠲᠠᠯ᠎ᠠ ᠳᠤ ᠨᠢ ᠴᠥᠮ ᠬᠤᠬᠢᠷᠠᠯ ᠤᠴᠠᠷᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠴᠡᠢ ᠃ ᠲᠣᠭᠲᠠᠭᠤᠨ ᠂ ᠡᠷᠡᠭᠦᠯ ᠪᠥᠭᠡᠳ ᠦᠷᠭᠦᠯᠵᠢᠯᠡᠭᠦᠶᠢᠴᠡ ᠬᠥᠭᠵᠢᠯᠲᠡ ᠲᠠᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠬᠢᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠨᠡᠶᠢᠴᠡᠵᠦ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠵᠠᠷᠴᠢᠮ ᠢ ᠪᠠᠷᠢᠮᠲᠠᠯᠠᠵᠤ ᠂ ᠶᠠᠷᠢᠯᠴᠠᠭ᠎ᠠ ᠣᠶᠢᠯᠠᠭᠠᠯᠴᠠᠭ᠎ᠠ ᠪᠠᠨ ᠴᠢᠩᠭᠠᠳᠬᠠᠨ ᠂ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ ᠂ ᠰᠢᠨ᠎ᠡ ᠴᠠᠭ ᠦᠶ᠎ᠡ ᠳᠠᠬᠢ ᠳᠤᠮᠳᠠᠳᠤ ᠠᠮᠧᠷᠢᠺᠠ ᠶᠢᠨ ᠵᠥᠪ ᠣᠨᠣᠪᠴᠢᠲᠠᠢ ᠬᠠᠷᠢᠯᠴᠠᠬᠤ ᠵᠠᠮ ᠢᠶᠠᠷ ᠵᠠᠮᠨᠠᠨ ᠂ ᠬᠤᠶᠠᠷ ᠤᠯᠤᠰ ᠲᠤ ᠪᠤᠶᠠᠨ ᠦᠢᠯᠡᠳᠴᠦ ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ ᠭᠡᠵᠡᠢ ᠃ ᠲᠣᠰ ᠡᠳᠦᠷ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠴᠠᠬᠢᠯᠭᠠᠨ ᠮᠡᠳᠡᠭᠡ ᠶᠠᠪᠤᠭᠤᠯᠵᠤ᠂ ᠵᠠᠮᠧᠰ · ᠸᠠᠨ᠋ᠰ ᠤᠨ ᠠᠮᠧᠷᠢᠺᠠ ᠶᠢᠨ ᠳᠡᠳ᠋ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠭᠰᠡᠨ ᠪᠠᠶᠢᠨ᠎ᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|