|
ᠵᠢᠷᠤᠭ ᠢᠶᠠᠷ ᠠᠵᠤ ᠠᠬᠤᠢ ᠶᠢ ᠠᠵᠢᠭᠯᠠᠬᠤᠢ | 7.2% 4004 ᠡᠷᠦᠬᠡ 12.2% ᠵᠢᠯ ᠤᠨ ᠵᠢᠱᠢᠭᠰᠡᠨ ᠬᠠᠷᠠᠯᠲᠠ ᠪᠠᠨ ᠥᠪᠥᠷ ᠮᠣᠩᠭᠤᠯ ᠤᠨ | ᠬᠢᠨ ᠤᠷᠢᠳᠴᠢᠯᠠᠨ ᠪᠡᠶᠡᠯᠡᠭᠦᠯᠪᠡ |
|
|
ᠨᠡᠶᠢᠲᠡᠯᠡᠭᠰᠡᠨ ᠴᠠᠭ᠄
2024/11/7
|
|
11 ᠳ᠋ᠦ᠋ᠭᠡᠷ ᠰᠠᠷ᠎ᠠ ᠶᠢᠨ 5 ᠤ ᠡᠳᠦᠷ᠂ ᠰᠤᠷᠪᠤᠯᠵᠢᠯᠠᠭᠴᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 1 - 9 ᠳ᠋ᠦ᠋ᠭᠡᠷ ᠰᠠᠷ᠎ᠠ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠪᠥᠬᠦ ᠵᠢᠯ ᠤᠨ ᠵᠢᠱᠢᠭᠰᠡᠨ ᠬᠠᠷᠠᠯᠲᠠ ᠠᠴᠠ ᠪᠠᠨ ᠥᠨᠳᠥᠷ ᠪᠠᠶᠢᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 4004 ᠡᠷᠦᠬᠡ ᠪᠣᠯᠵᠤ᠂ ᠵᠢᠯ ᠤᠨ ᠵᠢᠱᠢᠭᠰᠡᠨ ᠬᠠᠷᠠᠯᠲᠠ ᠪᠠᠨ ᠤᠷᠢᠳᠴᠢᠯᠠᠨ ᠪᠡᠶᠡᠯᠡᠭᠦᠯᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 12.2% ᠢᠶᠠᠷ ᠨᠡᠮᠡᠭᠳᠡᠨ᠂ ᠪᠡᠯᠡ ᠣᠷᠣᠭᠤᠯᠤᠯᠲᠠ ᠶᠢᠨ ᠵᠣᠭᠤᠰᠤᠨ ᠤ ᠲᠤᠭ᠎ᠠ ᠨᠢ ᠵᠢᠯ ᠤᠨ ᠲᠥᠯᠥᠪᠯᠡᠭᠡ ᠶᠢᠨ ᠢᠶᠠᠨ 82.4% ᠶᠢ ᠪᠡᠶᠡᠯᠡᠭᠦᠯᠵᠡᠢ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|