|
ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠢ |
|
|
ᠨᠡᠶᠢᠲᠡᠯᠡᠭᠰᠡᠨ ᠴᠠᠭ᠄
2024/11/8
|
|
ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠤᠨ ᠵᠤᠯᠭᠠᠯᠴᠠᠭ᠎ᠠ ᠶᠢ ᠰᠠᠶᠢᠲᠤᠷ ᠬᠢᠵᠦ᠂ ᠣᠳᠣᠬᠠᠨ ᠳᠤ 10 ᠪᠠᠩᠬᠢ ᠶᠢᠨ ᠶᠡᠷᠦᠩᠬᠡᠶ ᠪᠠᠩᠬᠢ᠂ ᠳᠠᠭᠠᠳᠬᠠᠯ ᠤᠨ ᠶᠡᠷᠦᠩᠬᠡᠶ ᠺᠣᠮᠫᠠᠨᠢ ᠨᠢᠭᠡᠨᠲᠡ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ᠢ ᠲᠤᠰᠬᠠᠶ ᠨᠠᠶᠢᠳᠠᠪᠤᠷᠢᠵᠢᠭᠤᠯᠬᠤ ᠲᠥᠰᠦᠯ ᠢ ᠲᠣᠭᠲᠠᠭᠠᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠲᠠᠯ᠎ᠠ ᠪᠠᠷ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠪᠠᠩᠬᠢ ᠶᠢᠨ ᠪᠠᠶᠢᠭᠤᠯᠤᠮᠵᠢ ᠶᠢᠨ ᠴᠡᠪᠡᠷ ᠡᠨᠧᠷᠭᠢ ᠳᠤ ᠵᠠᠷᠣᠴᠠᠭᠤᠯᠤᠭᠰᠠᠨ ᠵᠢᠭᠡᠯᠡᠯᠭᠡ ᠶᠢᠨ ᠦᠯᠡᠳᠡᠪᠦᠷᠢ ᠮᠥᠩᠭᠦ ᠨᠢ 3460.19 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 1079.13 ᠳ᠋ᠦᠩᠰᠢᠭᠤᠷ ᠲᠥᠭᠦᠷᠢᠭ ᠨᠡᠮᠡᠭᠳᠡᠭᠰᠡᠨ ᠪᠠᠶᠢᠨ᠎ᠠ︔ ᠳᠠᠭᠠᠳᠬᠠᠯ ᠤᠨ ᠪᠠᠶᠢᠭᠤᠯᠤᠮᠵᠢ ᠠᠴᠠ ᠴᠡᠪᠡᠷ ᠡᠨᠧᠷᠭᠢ ᠶᠢᠨ ᠠᠵᠤ ᠦᠢᠯᠡᠰ ᠲᠤ ᠲᠦᠭᠰᠢᠭᠦᠷᠢ ᠶᠢᠨ ᠪᠠᠲᠤᠯᠠᠭ᠎ᠠ ᠶᠢ 9308.14 ᠳ᠋ᠦᠩᠰᠢᠭᠤᠷ ᠲᠥᠭᠦᠷᠢᠭ ᠬᠠᠩᠭᠠᠵᠤ᠂ ᠲᠦᠯᠦᠪᠦᠷᠢᠯᠡᠭᠰᠡᠨ ᠵᠠᠷᠤᠯᠭ᠎ᠠ 6986.62 ᠲᠦᠮᠡᠨ ᠲᠥᠭᠦᠷᠢᠭ ᠲᠤ ᠬᠦᠷᠪᠡ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠠᠯ᠎ᠠ ᠪᠠᠷ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠪᠠᠩᠬᠢ ᠶᠢᠨ ᠪᠠᠶᠢᠭᠤᠯᠤᠮᠵᠢ ᠶᠢᠨ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠲᠠᠬᠢ ᠵᠢᠭᠡᠯᠡᠯᠭᠡ ᠶᠢᠨ ᠦᠯᠡᠳᠡᠪᠦᠷᠢ ᠮᠥᠩᠭᠦ ᠨᠢ 4254.84 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 442.92 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 25.31% ᠪᠠᠷ ᠨᠡᠮᠡᠭᠳᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠮᠥᠩᠭᠦᠨ ᠭᠦᠢᠯᠭᠡᠭᠡᠨ ᠤ ᠠᠮᠢ ᠠᠬᠤᠶ ᠶᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠦ ᠠᠵᠢᠯ ᠲᠥᠷᠥᠯ ᠤᠨ ᠣᠷᠴᠢᠨ ᠨᠦᠬᠦᠴᠡᠯ ᠢ ᠪᠤᠢ ᠪᠣᠯᠭᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠤᠨ ᠲᠠᠯ᠎ᠠ ᠪᠠᠷ᠂ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠪᠠᠩᠬᠢ ᠶᠢᠨ ᠪᠠᠶᠢᠭᠤᠯᠤᠮᠵᠢ ᠠᠴᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠠᠵᠤ ᠠᠬᠤᠶᠢᠯᠠᠯ ᠵᠡᠷᠭᠡ ᠳᠤ ᠲᠠᠯᠪᠢᠭᠰᠠᠨ ᠵᠢᠭᠡᠯᠡᠯᠭᠡ 3112.11 ᠳ᠋ᠦᠩᠰᠢᠭᠤᠷ ᠲᠥᠭᠦᠷᠢᠭ ᠲᠤ ᠬᠦᠷᠪᠡ᠃ ᠴᠢᠯᠥᠭᠡᠲᠦ ᠠᠷᠠᠯᠵᠢᠶᠠᠨ ᠤ ᠲᠤᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠤᠨ ᠲᠠᠯ᠎ᠠ ᠪᠠᠷ᠂ ︽ᠨᠢᠭᠡ ᠪᠦᠰᠡ ᠨᠢᠭᠡ ᠵᠠᠮ︾᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠲᠤᠭᠤᠷᠢᠭ᠂ ᠡᠷᠢᠶᠡᠨ ᠬᠤᠲᠠ — ᠵᠠᠮ ᠤᠨ ᠡᠭᠦᠳᠡ ᠶᠢᠨ ᠬᠤᠭᠤᠷᠤᠨᠳᠤᠬᠢ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠤᠭᠤᠷᠢᠭ ᠵᠡᠷᠭᠡ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠠᠮᠵᠢᠯᠴᠠᠨ ᠠᠬᠢᠭᠤᠯᠵᠤ᠂ ᠪᠠᠩᠬᠢ ᠶᠢᠨ ᠪᠠᠶᠢᠭᠤᠯᠤᠮᠵᠢ ᠠᠴᠠ ᠬᠢᠯᠢ ᠶᠢᠨ ᠪᠣᠭᠤᠮᠲᠠ ᠵᠢᠴᠢ ᠪᠤᠰᠤᠳ ᠬᠢᠯᠢ ᠠᠯᠤᠰᠯᠠᠭᠰᠠᠨ ᠠᠷᠠᠯᠵᠢᠶᠠᠨ ᠤ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠡᠮᠵᠢᠭᠰᠡᠨ ᠵᠢᠭᠡᠯᠡᠯᠭᠡ ᠶᠢᠨ ᠨᠡᠮᠡᠭᠳᠡᠯ ᠤᠨ ᠬᠡᠮᠵᠢᠶ᠎ᠡ 17% ᠠᠴᠠ ᠳᠠᠪᠠᠭᠰᠠᠨ ᠪᠠᠶᠢᠨ᠎ᠠ᠃ ︵ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|