|
ᠮᠠᠨ ᠤ ᠣᠷᠣᠨ ᠤ ︽ᠮᠥᠩᠬᠡ ᠰᠤᠪᠠᠭ︾ ᠰᠢᠯᠵᠢᠮᠡᠯ ᠦᠵᠦᠭᠦᠷ ᠨᠢ ᠪᠠᠷᠠᠭᠤᠨ ᠬᠡᠰᠡᠭ ᠤᠨ ᠮᠤᠵᠢ ᠨᠤᠭᠤᠳ ᠤᠨ ᠨᠢᠭᠡᠳᠦᠭᠡᠷ ᠲᠤ ᠵᠢᠭᠰᠠᠭᠠᠭᠳᠠᠪᠠ |
|
|
ᠨᠡᠶᠢᠲᠡᠯᠡᠭᠰᠡᠨ ᠴᠠᠭ᠄
2024/11/8
|
|
ᠮᠠᠨ ᠤ ᠣᠷᠣᠨ ᠤ ︽ᠮᠥᠩᠬᠡ ᠰᠤᠪᠠᠭ︾ ᠰᠢᠯᠵᠢᠮᠡᠯ ᠦᠵᠦᠭᠦᠷ ᠨᠢ ᠪᠠᠷᠠᠭᠤᠨ ᠬᠡᠰᠡᠭ ᠤᠨ ᠮᠤᠵᠢ ᠨᠤᠭᠤᠳ ᠤᠨ ᠨᠢᠭᠡᠳᠦᠭᠡᠷ ᠲᠤ ᠵᠢᠭᠰᠠᠭᠠᠭᠳᠠᠪᠠ᠃ ᠣᠶᠢᠷ᠎ᠠ ᠳᠤ᠂ ᠹᠦᠳᠠᠨ ᠶᠡᠭᠡ ᠰᠤᠷᠭᠠᠭᠤᠯᠢ ᠵᠧᠵᠢᠶᠠᠩ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ 13 ᠨᠠᠷᠠᠲᠤ ᠶᠡᠭᠡ ᠳᠡᠭᠡᠳᠦ ᠰᠤᠷᠭᠠᠭᠤᠯᠢ ᠬᠠᠮᠲᠤᠷᠠᠨ ᠨᠠᠶᠢᠷᠠᠭᠤᠯᠵᠤ ᠵᠣᠬᠢᠶᠠᠭᠰᠠᠨ ︽ᠳᠤᠮᠳᠠᠳᠤ ᠤᠯᠤᠰ ᠤᠨ ᠮᠤᠵᠢ ᠶᠢᠨ ᠲᠠᠰ ᠤᠨ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠦᠯᠦᠯᠲᠡ︾ ᠶᠢ ᠨᠡᠶᠢᠲᠡᠯᠡᠵᠦ᠂ ᠮᠠᠨ ᠤ ᠣᠷᠣᠨ ᠤ ︽ᠮᠦᠩᠭᠡ ᠰᠤᠪᠠᠭ︾ ᠰᠢᠯᠵᠢᠮᠡᠯ ᠦᠵᠦᠭᠦᠷ ᠨᠢ ᠪᠠᠷᠠᠭᠤᠨ ᠬᠡᠰᠡᠭ ᠤᠨ ᠮᠤᠵᠢ ᠨᠤᠭᠤᠳ ᠤᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠪᠥᠭᠡᠳ ︽ᠪᠠᠷᠠᠭᠤᠨ ᠬᠡᠰᠡᠭ ᠤᠨ ᠠᠯᠠᠭᠠᠨ ᠳᠡᠭᠡᠷᠡᠬᠢ ᠭᠡᠷᠡᠯᠲᠦ ᠰᠤᠪᠤᠳ︾ ᠪᠠ ︽ᠠᠯᠠᠭᠠᠨ ᠳᠡᠭᠡᠷᠡᠬᠢ ᠴᠢᠳᠠᠮᠠᠭᠠᠢ ᠭᠦᠢᠴᠡᠳᠭᠡᠭᠴᠢ︾ ᠱᠠᠩᠨᠠᠯ ᠢ ᠭᠥᠷᠳᠡᠪᠡ᠃ 2023 ᠣᠨ ᠲᠠᠢ ᠬᠠᠷᠢᠴᠠᠭᠤᠯᠪᠠᠯ᠂ ︽ᠮᠥᠩᠬᠡ ᠰᠤᠪᠠᠭ︾ ᠰᠢᠯᠵᠢᠮᠡᠯ ᠦᠵᠦᠭᠦᠷ ᠨᠢ ︽B ᠲᠥᠷᠥᠯ︾ ᠠᠴᠠ ᠳᠠᠪᠰᠢᠭᠠᠳ ︽A ᠲᠥᠷᠥᠯ︾ ᠪᠣᠯᠵᠤ᠂ ︽ᠠᠯᠠᠭᠠᠨ ᠳᠡᠭᠡᠷ᠎ᠡ ᠰᠠᠶᠢᠲᠤᠷ ᠭᠦᠢᠴᠡᠳᠬᠡᠬᠦ︾ ᠶᠡᠷᠦᠩᠬᠡᠶᠢᠯᠡᠭᠰᠡᠨ ᠵᠢᠭᠠᠯᠲᠠ ᠲᠤᠭ᠎ᠠ ᠨᠢ ᠪᠥᠬᠦ ᠤᠯᠤᠰ ᠤᠨ ᠡᠯ᠎ᠡ ᠮᠤᠵᠢ ᠶᠢᠨ ᠨᠡᠷᠡᠰ ᠤᠨ ᠵᠢᠭᠰᠠᠭᠠᠯᠲᠠ ᠳᠤ 15 ᠳ᠋ᠤᠭᠠᠷ ᠪᠠᠶᠢᠷᠢ ᠠᠴᠠ ᠳᠠᠪᠰᠢᠭᠠᠳ 9 ᠳ᠋ᠦ᠋ᠭᠡᠷ ᠪᠠᠶᠢᠷᠢ ᠳᠤ ᠤᠷᠤᠵᠦ᠂ ᠪᠠᠷᠠᠭᠤᠨ ᠬᠡᠰᠡᠭ ᠤᠨ ᠮᠤᠵᠢ ᠶᠢᠨ ᠨᠡᠷᠡᠰ ᠤᠨ ᠵᠢᠭᠰᠠᠭᠠᠯᠲᠠ ᠳᠤ 3 ᠳ᠋ᠤᠭᠠᠷ ᠨᠡᠷᠡᠰ ᠠᠴᠠ ᠳᠠᠪᠰᠢᠭᠠᠳ 1 ᠳ᠋ᠦ᠋ᠭᠡᠷ ᠨᠡᠷᠡᠰ ᠲᠤ ᠵᠢᠭᠰᠠᠭᠠᠭᠳᠠᠪᠠ᠃ ᠣᠲᠣ ᠪᠣᠯᠲᠠᠯ᠎ᠠ᠂ ︽ᠮᠥᠩᠬᠡ ᠰᠤᠪᠠᠭ︾ ᠰᠢᠯᠵᠢᠮᠡᠯ ᠦᠵᠦᠭᠦᠷ ᠲᠤ ᠳᠠᠩᠰᠠᠯᠠᠭᠤᠯᠤᠭᠰᠠᠨ ᠬᠡᠷᠡᠭᠯᠡᠭᠴᠢ ᠨᠡᠶᠢᠲᠡ 1855 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠨ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 76 % ᠶᠢ ᠬᠠᠮᠤᠷᠴᠤ᠂ ᠨᠡᠶᠢᠲᠡ 9.6 ᠳ᠋ᠦᠩᠰᠢᠭᠤᠷ ᠤᠳᠠᠭ᠎ᠠ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 69% ᠪᠠᠷ ᠨᠡᠮᠡᠭᠳᠡᠪᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|