ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠠᠷᠠᠳ ᠲᠦᠮᠡᠨ ᠳᠤ ᠬᠠᠨᠤᠮᠵᠢᠳᠠᠢ ᠠᠯᠪᠠᠲᠠᠨ ︾ ᠪᠣᠯᠣᠨ ︽ ᠠᠷᠠᠳ ᠲᠦᠮᠡᠨ ᠳᠤ ᠬᠠᠨᠤᠮᠵᠢᠲᠠᠶ ᠠᠯᠪᠠᠲᠠᠨ ᠤ ᠬᠠᠮᠲᠤ ︾ ᠶᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠂ ᠠᠩᠬ᠎ᠠ ᠠᠯᠬᠤᠮ ᠲᠠᠨᠢᠯᠴᠠᠭᠤᠯᠬᠤ ᠂ ᠠᠩᠬ᠎ᠠ ᠬᠢᠨᠠᠬᠤ ᠂ ᠵᠢᠩᠬᠢᠨᠢ ᠪᠠᠷ ᠲᠠᠨᠢᠯᠴᠠᠭᠤᠯᠬᠤ ᠂ ᠳᠠᠭᠢᠨ ᠬᠢᠨᠠᠬᠤ ᠂ ᠰᠠᠨᠠᠯ ᠬᠤᠷᠢᠶᠠᠬᠤ ᠂ ᠰᠢᠨᠵᠢᠯᠡᠨ ᠪᠠᠶᠢᠴᠠᠭᠠᠬᠤ ᠵᠡᠷᠭᠡ ᠪᠠᠷ ᠳᠠᠮᠵᠢᠨ ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠠᠷᠠᠳ ᠲᠦᠮᠡᠨ ᠳᠤ ᠬᠠᠨᠤᠮᠵᠢᠳᠠᠢ ᠠᠯᠪᠠᠲᠠᠨ ︾ ᠢᠶᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ 40 ᠨᠡᠷᠡᠰ ᠂ ︽ ᠠᠷᠠᠳ ᠲᠦᠮᠡᠨ ᠳᠤ ᠬᠠᠨᠤᠮᠵᠢᠲᠠᠶ ᠠᠯᠪᠠᠲᠠᠨ ᠤ ᠬᠠᠮᠲᠤ ︾ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ 20 ᠨᠡᠷᠡᠰ ᠢ ᠰᠤᠳᠤᠯᠤᠨ ᠲᠣᠭᠲᠠᠭᠠᠪᠠ ᠃
ᠠᠷᠠᠳᠴᠢᠯᠠᠯ ᠢ ᠭᠦᠢᠴᠡᠳ ᠪᠠᠳᠠᠷᠠᠭᠤᠯᠵᠤ ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠶᠢᠨ ᠲᠥᠯᠥᠭᠡ ᠂ ᠣᠲᠣ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠢ ᠢᠯᠡ ᠨᠡᠶᠢᠲᠡᠯᠡᠶ᠎ᠡ ᠂ ᠢᠯᠨ ᠨᠡᠶᠢᠲᠡᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ ᠠᠴᠠ 12 ᠰᠠᠷ᠎ᠠ ᠶᠢᠨ 16 ᠤ ᠡᠳᠦᠷ ᠪᠤᠯᠲᠠᠯ᠎ᠠ ᠃ ᠡᠨᠡ ᠬᠤᠭᠤᠴᠠᠭᠠᠨ ᠳᠤ ᠂ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠲᠤ ᠣᠨᠳᠣᠣ ᠰᠠᠨᠠᠯ ᠲᠠᠢ ᠪᠣᠯ ᠰᠣᠷᠪᠤᠯᠵᠢᠯᠠᠷᠠ ᠢᠷᠡᠬᠦ ᠂ ᠵᠠᠬᠢᠳᠠᠯ ᠢᠷᠡᠭᠦᠯᠬᠦ ︵ ᠵᠠᠬᠢᠳᠠᠯ ᠢ ᠬᠦᠷᠴᠦ ᠢᠷᠡᠭᠰᠡᠨ ᠡᠳᠦᠷ ᠤᠨ ᠰᠢᠤᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ ︶ ᠂ ᠤᠲᠠᠰᠤᠳᠠᠬᠤ ᠵᠡᠷᠭᠡ ᠭᠡᠯᠪᠡᠷᠢ ᠪᠠᠷ ᠲᠤᠰᠬᠠᠵᠤ ᠪᠣᠯᠣᠨ᠎ᠠ ᠃ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠥᠪᠡᠷ ᠤᠨ ᠦᠨᠡᠨ ᠣᠪᠣᠭ ᠨᠡᠷ᠎ᠡ ᠂ ᠠᠵᠢᠯᠯᠠᠵᠤ ᠪᠠᠶᠢᠭ᠎ᠠ ᠨᠢᠭᠡᠴᠢ ᠪᠠ ᠬᠠᠷᠢᠯᠴᠠᠬᠤ ᠠᠷᠭ᠎ᠠ ᠭᠡᠯᠪᠡᠷᠢ ᠪᠠᠨ ᠬᠠᠩᠭᠠᠵᠤ ᠂ ᠪᠠᠶᠢᠴᠠᠭᠠᠨ ᠬᠠᠷᠭᠤᠭᠤᠯᠬᠤ ᠪᠠ ᠪᠠᠶᠢᠳᠠᠯ ᠢ ᠬᠠᠷᠢᠭᠤ ᠲᠤᠰᠬᠠᠬᠤ ᠳᠤ ᠳᠥᠭᠦᠮ ᠪᠣᠯᠭᠠᠭᠠᠷᠠᠢ ᠃
ᠢᠯᠡ ᠨᠡᠶᠢᠲᠡᠯᠡᠬᠦ ᠠᠯᠪᠠᠨ ᠭᠡᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠯᠠᠬᠤ ᠠᠰᠠᠷ ᠤᠨ 401 ᠦᠷᠦᠭᠡ ᠳᠤ ᠲᠣᠬᠢᠷᠠᠭᠤᠯᠪᠠ ᠃
ᠭᠥᠯᠢᠶᠡᠨ ᠠᠪᠴᠤ ᠰᠢᠢᠳᠪᠦᠷᠢᠯᠡᠬᠦ ᠤᠲᠠᠰᠤ ᠄ 0471 - 12380
ᠭᠥᠯᠢᠶᠡᠨ ᠠᠪᠴᠤ ᠰᠢᠢᠳᠪᠦᠷᠢᠯᠡᠬᠦ ᠴᠠᠭ ᠄ ᠠᠵᠢᠯᠯᠠᠬᠤ ᠡᠳᠦᠷ ᠦᠳᠡ ᠶᠢᠨ ᠡᠮᠦᠨ᠎ᠡ 9 ᠄ 00 - 12᠄ 00
ᠦᠳᠡ ᠶᠢᠨ ᠬᠤᠶᠢᠨ᠎ᠠ 13 ᠄ 30 - 17 ᠄ 30
ᠵᠠᠬᠢᠳᠠᠯ ᠤᠨ ᠬᠠᠶ᠋ᠢᠭ ᠄ ᠭᠦᠭᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠡᠭᠡᠯᠢ ᠶᠢᠨ 1 ᠳ᠋ᠦ᠋ᠭᠡᠷ ᠨᠣᠮᠧᠷᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠯᠠᠬᠤ ᠠᠰᠠᠷ ᠤᠨ 401 ᠦᠷᠦᠭᠡ ᠂ ᠰᠢᠤᠳᠠᠨ ᠨᠣᠮᠧᠷ ᠄ 010096 ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ
2024 ᠣᠨ ᠤ 12 ᠰᠠᠷ᠎ᠠ ᠶᠢᠨ 10 ᠤ ᠡᠳᠦᠷ
ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠬᠠᠨᠤᠮᠵᠢᠳᠠᠢ ᠠᠯᠪᠠᠲᠠᠨ︾ ᠪᠣᠯᠣᠨ
︽ᠠᠷᠠᠳ ᠲᠦᠮᠡᠨ ᠳᠤ ᠬᠠᠨᠤᠮᠵᠢᠲᠠᠶ ᠠᠯᠪᠠᠲᠠᠨ ᠤ ᠬᠠᠮᠲᠤ︾ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ ᠤᠨ ᠨᠡᠷᠡᠰ
ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠬᠠᠨᠤᠮᠵᠢᠳᠠᠢ ᠠᠯᠪᠠᠲᠠᠨ ︾ ᠢᠶᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ 40 ᠨᠡᠷᠡᠰ ᠂ ︽ᠠᠷᠠᠳ ᠲᠦᠮᠡᠨ ᠳᠤ ᠬᠠᠨᠤᠮᠵᠢᠲᠠᠶ ᠠᠯᠪᠠᠲᠠᠨ ᠤ ᠬᠠᠮᠲᠤ ︾ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ 20 ᠨᠡᠷᠡᠰ ᠂ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠬᠤᠪᠢ ᠬᠥᠮᠥᠨ ᠤ ᠨᠡᠷᠡᠰ ᠢ ᠠᠳᠠᠯᠢ ᠨᠢᠭᠡᠨ ᠭᠠᠵᠠᠷ ᠣᠷᠣᠨ ᠳᠤ ᠬᠢᠲᠠᠳ ᠥᠰᠥᠭ ᠤᠨ ᠪᠢᠴᠢᠯᠭᠡ ᠶᠢᠨ ᠳᠠᠷᠠᠭᠠᠯᠠᠯ ᠢᠶᠠᠷ ᠵᠢᠭᠰᠠᠭᠠᠪᠠ ᠃
ᠨᠢᠭᠡ ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠬᠠᠨᠤᠮᠵᠢᠳᠠᠢ ᠠᠯᠪᠠᠲᠠᠨ ︾ ᠢᠶᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ
ᠸᠠᠩ ᠵᠢᠶᠦ᠋ᠨ ᠸᠧᠢ ᠂ ᠡᠷᠡᠭᠲᠡᠢ ᠂ ᠬᠢᠲᠠᠳ ᠦᠨᠳᠦᠰᠦᠲᠡᠨ ᠂ 1977 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠂ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠃
ᠸᠠᠩ ᠵᠢᠩ ᠂ ᠡᠷᠡᠭᠲᠡᠢ ᠂ ᠮᠣᠩᠭᠤᠯ ᠦᠨᠳᠦᠰᠦᠲᠡᠨ ᠂ 1985 ᠣᠨ ᠤ 12 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠭᠦᠭᠡᠬᠤᠲᠠ ᠶᠢᠨ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ᠃
ᠯᠢ ᠵᠦᠸᠧ ᠂ ᠡᠷᠡᠭᠲᠡᠢ ᠂ ᠬᠢᠲᠠᠳ ᠦᠨᠳᠦᠰᠦᠲᠡᠨ ᠂ 1982 ᠣᠨ ᠤ 6 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠭᠦᠭᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠸᠠᠩ ᠯᠦ ᠴᠧᠩ ᠂ ᠡᠷᠡᠭᠲᠡᠢ ᠂ ᠬᠢᠲᠠᠳ ᠦᠨᠳᠦᠰᠦᠲᠡᠨ ᠂ 1985 ᠣᠨ ᠤ 10 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠲᠠᠨᠢᠯᠴᠠᠭᠤᠯᠬᠤ ᠦᠶ᠎ᠡ ᠳᠤ ᠲᠦᠮᠡᠳ ᠪᠠᠷᠠᠭᠤᠨ ᠬᠤᠰᠢᠭᠤᠨ ᠤ ᠮᠠᠩᠭᠢᠰᠤᠨ ᠨᠠᠭᠤᠷ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ ᠂ ᠣᠲᠣ ᠲᠦᠮᠡᠳ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠂ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠴᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ ᠃
ᠶᠠᠩ ᠯᠢ ᠵᠢᠶᠧ ᠂ ᠡᠷᠡᠭᠲᠡᠢ ᠂ ᠬᠢᠲᠠᠳ ᠦᠨᠳᠦᠰᠦᠲᠡᠨ ᠂ 1976 ᠣᠨ ᠤ 2 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ︵ ᠬᠠᠪᠰᠤᠷᠭᠠᠨ ᠬᠠᠷᠢᠭᠤᠴᠠᠵᠤ ᠪᠤᠢ ︶ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ︵ ᠬᠠᠪᠰᠤᠷᠭᠠᠨ ᠬᠠᠷᠢᠭᠤᠴᠠᠵᠤ ᠪᠤᠢ ︶ ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ︵ᠬᠠᠪᠰᠤᠷᠭᠠᠨ ᠬᠠᠷᠢᠭᠤᠴᠠᠵᠤ ᠪᠤᠢ︶ ᠃
ᠬᠤ᠋ ᠬᠠᠢ ᠹᠧᠩ ᠂ ᠡᠷᠡᠭᠲᠡᠢ ᠂ ᠬᠢᠲᠠᠳ ᠦᠨᠳᠦᠰᠦᠲᠡᠨ ᠂ 1979 ᠣᠨ ᠤ 7 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠃
ᠲᠢᠶᠠᠨ ᠸᠧᠢ ᠸᠧᠢ ᠂ ᠡᠮᠡᠭᠲᠡᠢ ᠂ ᠮᠠᠨᠵᠤ ᠦᠨᠳᠦᠰᠦᠲᠡᠨ ᠂ 1981 ᠣᠨ ᠤ 8 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ᠂ ᠬᠤᠰᠢᠭᠤᠨ ᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠂ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ᠃
ᠱᠧᠩ ᠯᠢᠶᠠᠩ ᠂ ᠡᠷᠡᠭᠲᠡᠢ ᠂ ᠬᠢᠲᠠᠳ ᠦᠨᠳᠦᠰᠦᠲᠡᠨ ᠂ 1981 ᠣᠨ ᠤ 6 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠮᠠᠨᠵᠤᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠃
ᠵᠠᠢ ᠸᠧᠨ ᠰᠢᠸ ᠂ ᠡᠮᠡᠭᠲᠡᠢ ᠂ ᠬᠢᠲᠠᠳ ᠦᠨᠳᠦᠰᠦᠲᠡᠨ ᠂ 1977 ᠣᠨ ᠤ 9 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠡᠷᠭᠦᠨ᠎ᠡ ᠬᠤᠳᠠ ᠶᠢᠨ ᠷᠠᠪᠳᠠᠯᠢᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠂ ᠬᠡᠷᠡᠭ ᠡᠷᠭᠢᠯᠡᠭᠦ ᠭᠠᠵᠠᠷ ᠤᠨ ᠡᠷᠬᠢᠯᠡᠭᠴᠢ᠃
ᠯᠢ ᠴᠠᠩ ᠷᠦᠨ ᠂ ᠡᠷᠡᠭᠲᠡᠢ ᠂ ᠬᠢᠲᠠᠳ ᠦᠨᠳᠦᠰᠦᠲᠡᠨ ᠂ 1971 ᠣᠨ ᠤ 4 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠵᠠᠯᠠᠶᠢᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠯᠢ ᠰᠢᠤᠸᠠᠢ ᠶᠠᠨ ᠂ ᠡᠷᠡᠭᠲᠡᠢ ᠂ ᠮᠣᠩᠭᠤᠯ ᠦᠨᠳᠦᠰᠦᠲᠡᠨ ᠂ 1975 ᠣᠨ ᠤ 2 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠭᠤᠤ ᠰᠢᠤᠸᠠᠢ ᠹᠧᠩ ᠂ ᠡᠮᠡᠭᠲᠡᠢ ᠂ ᠬᠢᠲᠠᠳ ᠦᠨᠳᠦᠰᠦᠲᠡᠨ ᠂ 1976 ᠣᠨ ᠤ 5 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠃
ᠪᠤᠤ ᠪᠠᠲᠤ ᠂ ᠡᠷᠡᠭᠲᠡᠢ ᠂ ᠮᠣᠩᠭᠤᠯ ᠦᠨᠳᠦᠰᠦᠲᠡᠨ ᠂ 1968 ᠣᠨ ᠤ 4 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠃
ᠵᠧᠦ ᠴᠦᠨ ᠢᠦᠢ ᠂ ᠡᠮᠡᠭᠲᠡᠢ ᠂ ᠬᠢᠲᠠᠳ ᠦᠨᠳᠦᠰᠦᠲᠡᠨ ᠂ 1977 ᠣᠨ ᠤ 3 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠨᠠᠢᠮᠠᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠮᠢᠰ ᠤᠨ ᠮᠣᠳᠣᠨ ᠤ ᠦᠢᠯᠡᠰ ᠤᠨ ᠠᠯᠪᠠᠨ ᠭᠡᠷ ᠤᠨ ᠡᠷᠬᠢᠯᠡᠭᠴᠢ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠃
ᠵᠤᠤ ᠰᠢ ᠼᠠᠢ ᠂ ᠡᠷᠡᠭᠲᠡᠢ ᠂ ᠮᠣᠩᠭᠤᠯ ᠦᠨᠳᠦᠰᠦᠲᠡᠨ ᠂ 1976 ᠣᠨ ᠤ 4 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠲᠥᠯᠥᠭᠡᠯᠡᠭᠴᠢ ᠶᠢᠨ ᠬᠤᠯᠪᠤᠭ᠎ᠠ ᠠᠪᠬᠤ ᠠᠯᠪᠠᠨ ᠭᠡᠷ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠯᠢ ᠮᠧᠩ ᠰᠢᠩ ᠂ ᠡᠷᠡᠭᠲᠡᠢ ᠂ ᠬᠢᠲᠠᠳ ᠦᠨᠳᠦᠰᠦᠲᠡᠨ ᠂ 1972 ᠣᠨ ᠤ 12 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠬᠢᠩᠭᠠᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠵᠠᠩ ᠹᠧᠩ ᠶᠤᠸᠠᠨ ᠂ ᠡᠷᠡᠭᠲᠡᠢ ᠂ ᠬᠢᠲᠠᠳ ᠦᠨᠳᠦᠰᠦᠲᠡᠨ ᠂ 1974 ᠣᠨ ᠤ 8 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠬᠠᠷᠠᠴᠢᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠃
ᠭᠦᠸᠧ ᠽᠧ ᠮᠢᠨ ᠂ ᠡᠷᠡᠭᠲᠡᠢ ᠂ ᠬᠢᠲᠠᠳ ᠦᠨᠳᠦᠰᠦᠲᠡᠨ ᠂ 1976 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠯᠠᠭᠠᠨᠬᠠᠳᠠ ᠬᠤᠳᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠃
ᠰᠦ᠋ ᠢᠦᠢ ᠶᠦᠩ ᠂ ᠡᠷᠡᠭᠲᠡᠢ ᠂ ᠬᠢᠲᠠᠳ ᠦᠨᠳᠦᠰᠦᠲᠡᠨ ᠂ 1981 ᠣᠨ ᠤ 12 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠰᠢᠯᠢ ᠶᠢᠨ ᠭᠤᠣᠯ ᠠᠶᠢᠮᠠᠭ ᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠡᠷᠬᠢᠯᠡᠭᠴᠢ᠃
ᠪᠥᠬᠡᠪᠢᠯᠢᠭ ᠂ ᠡᠷᠡᠭᠲᠡᠢ ᠂ ᠮᠣᠩᠭᠤᠯ ᠦᠨᠳᠦᠰᠦᠲᠡᠨ ᠂ 1979 ᠣᠨ ᠤ 7 ᠰᠠᠷ᠎ᠠ ᠳᠤ ᠲᠦᠷᠦᠵᠠᠢ ᠂ ᠤᠯᠠᠨ ᠲᠦᠮᠡᠨ ᠂ ᠬᠥᠪᠡᠭᠡᠲᠦ ᠰᠢᠷ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠨᠢᠭᠡᠳᠦᠭᠡᠷ ᠳᠡᠰ ᠤᠨ ᠭᠡᠰᠢᠭᠦᠴᠢ ᠃
ᠰᠦᠩ ᡁᠢ ᠦ᠋ ᠂ ᠡᠷᠡᠭᠲᠡᠢ ᠂ ᠮᠠᠨᠵᠤ ᠦᠨᠳᠦᠰᠦᠲᠡᠨ ᠂ 1979 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠰᠢᠯᠢᠩᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠬᠢᠨᠠᠨ ᠪᠠᠶᠢᠴᠠᠭᠠᠭᠴᠢ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠸᠠᠩ ᠯᠢ ᠳ᠋ᠠᠨ ᠂ ᠡᠮᠡᠭᠲᠡᠢ ᠂ ᠬᠢᠲᠠᠳ ᠦᠨᠳᠦᠰᠦᠲᠡᠨ ᠂ 1989 ᠣᠨ ᠤ 11 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠰᠤᠳᠤᠯᠬᠤ ᠲᠠᠰᠤᠭ ᠤᠨ ᠤᠬᠠᠭᠤᠯᠭ᠎ᠠ ᠬᠥᠮᠦᠵᠢᠯ ᠤᠨ ᠰᠠᠯᠠᠭᠠᠨ ᠤ ᠳᠡᠳ᠋ ᠳᠠᠷᠤᠭ᠎ᠠ ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠯᠤᠰᠤᠲᠠᠢ ᠬᠤᠩᠬᠤᠷ ᠪᠠᠯᠭᠠᠰᠤᠨ ᠤ ᠤᠯᠠᠭᠠᠨ ᠲᠤᠭ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠃
ᠴᠧᠨ ᠬᠤᠩ ᠂ ᠡᠷᠡᠭᠲᠡᠢ ᠂ ᠬᠢᠲᠠᠳ ᠦᠨᠳᠦᠰᠦᠲᠡᠨ ᠂ 1970 ᠣᠨ ᠤ 12 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ ᠃
ᠦ᠋ ᠨᠢᠩ ᠂ ᠡᠷᠡᠭᠲᠡᠢ ᠂ ᠬᠢᠲᠠᠳ ᠦᠨᠳᠦᠰᠦᠲᠡᠨ ᠂ 1988 ᠣᠨ ᠤ 11 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠯᠠᠭᠠᠨᠴᠠᠪ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠃
ᠸᠠᠩ ᠶᠣᠣ ᠴᠢᠶᠠᠩ ᠂ ᠡᠷᠡᠭᠲᠡᠢ ᠂ ᠬᠢᠲᠠᠳ ᠦᠨᠳᠦᠰᠦᠲᠡᠨ ᠂ 1974 ᠣᠨ ᠤ 9 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠪᠢᠶᠠᠨ ᠳ᠋ᠦᠩ ᠂ ᠡᠷᠡᠭᠲᠡᠢ ᠂ ᠬᠢᠲᠠᠳ ᠦᠨᠳᠦᠰᠦᠲᠡᠨ ᠂ 1979 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠣᠷᠳᠣᠰ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠃
ᠯᠥᠸᠧ ᠷᠦᠢ ᠶᠢᠩ ᠂ ᠡᠮᠡᠭᠲᠡᠢ ᠂ ᠬᠢᠲᠠᠳ ᠦᠨᠳᠦᠰᠦᠲᠡᠨ ᠂ 1992 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠬᠠᠩᠭᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠪᠠᠶᠠᠨᠪᠢᠯᠢᠭ᠌ ᠂ ᠡᠷᠡᠭᠲᠡᠢ ᠂ ᠮᠣᠩᠭᠤᠯ ᠦᠨᠳᠦᠰᠦᠲᠡᠨ ᠂ 1980 ᠣᠨ ᠤ 10 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠪᠠᠶᠠᠨᠨᠠᠭᠤᠷ ᠬᠤᠲᠠ ᠶᠢᠨ ᠭᠠᠭᠴᠠᠮᠣᠳᠤ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠤᠨ ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠵᠣᠣ ᠰᠢᠶᠣᠣ ᠹᠧᠢ ᠂ ᠡᠷᠡᠭᠲᠡᠢ ᠂ ᠬᠢᠲᠠᠳ ᠦᠨᠳᠦᠰᠦᠲᠡᠨ ᠂ 1974 ᠣᠨ ᠤ 3 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠤᠷᠠᠳ ᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ ᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠂ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠬᠠᠨ ᠶᠢᠩ ᠯᠢᠶᠠᠨ ᠂ ᠡᠷᠡᠭᠲᠡᠢ ᠂ ᠬᠢᠲᠠᠳ ᠦᠨᠳᠦᠰᠦᠲᠡᠨ ᠂ 1968 ᠣᠨ ᠤ 9 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠧᠩᠺᠧᠦ ᠶᠢᠨ ᠡᠯᠡᠰᠦ ᠮᠠᠩᠬ᠎ᠠ ᠤᠢ ᠰᠢᠭᠤᠢ ᠶᠢᠨ ᠬᠤᠪᠢᠶᠠᠷᠢ ᠲᠣᠪᠴᠢᠶᠠᠨ ᠤ ᠳᠠᠷᠤᠭ᠎ᠠ ᠂ ᠳ᠋ᠧᠩᠺᠧᠦ ᠰᠢᠶᠠᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠳᠡᠳ᠋ ᠲᠣᠪᠴᠢᠶᠠᠨ ᠳᠠᠷᠤᠭ᠎ᠠ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠵᠣᠣ ᠶᠦᠩ ᠹᠧᠢ ᠂ ᠡᠷᠡᠭᠲᠡᠢ ᠂ ᠬᠢᠲᠠᠳ ᠦᠨᠳᠦᠰᠦᠲᠡᠨ ᠂ 1970 ᠣᠨ ᠤ 3 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠥᠪᠥᠷ ᠮᠣᠩᠭᠤᠯ ᠤᠨ ᠦᠬᠠᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠦᠬᠠᠢ ᠶᠢᠨ ᠬᠠᠢ ᠨᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠃
ᠭᠦᠸᠧ ᠸᠠᠩ ᠶᠠᠩ ᠂ ᠡᠷᠡᠭᠲᠡᠢ ᠂ ᠮᠣᠩᠭᠤᠯ ᠦᠨᠳᠦᠰᠦᠲᠡᠨ ᠂ 1985 ᠣᠨ ᠤ 7 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠰᠠᠯᠠᠭᠠᠨ ᠤ ᠳᠠᠷᠤᠭ᠎ᠠ ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠵᠠᠩ ᠵᠢᠩ ᠷᠦᠩ ᠂ ᠡᠮᠡᠭᠲᠡᠢ ᠂ ᠬᠢᠲᠠᠳ ᠦᠨᠳᠦᠰᠦᠲᠡᠨ ᠂ 1982 ᠣᠨ ᠤ 10 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠃
ᠳ᠋ᠤᠸᠠᠨ ᠶᠠ ᠵᠢᠩ ᠂ ᠡᠮᠡᠭᠲᠡᠢ ᠂ ᠬᠢᠲᠠᠳ ᠦᠨᠳᠦᠰᠦᠲᠡᠨ ᠂ 1986 ᠣᠨ ᠤ 2 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠠᠯᠠᠭᠠᠨ ᠤ ᠳᠠᠷᠤᠭ᠎ᠠ ᠃
ᠱᠢ ᠶᠦᠩ ᡁᠢ ᠂ ᠡᠷᠡᠭᠲᠡᠢ ᠂ ᠮᠣᠩᠭᠤᠯ ᠦᠨᠳᠦᠰᠦᠲᠡᠨ ᠂ 1973 ᠣᠨ ᠤ 1 ᠰᠠᠷ᠎ᠠ ᠳᠤ ᠲᠦᠷᠦᠵᠠᠢ ᠂ ᠤᠯᠠᠨ ᠲᠦᠮᠡᠨ ᠂ ᠬᠠᠭᠤᠴᠢᠨ ᠪᠠᠷᠭᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠃
ᠳ᠋ᠢᠩ ᠰᠢᠶᠣᠣ ᠯᠢ ᠂ ᠡᠮᠡᠭᠲᠡᠢ ᠂ ᠬᠢᠲᠠᠳ ᠦᠨᠳᠦᠰᠦᠲᠡᠨ ᠂ 1977 ᠣᠨ ᠤ 3 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠲᠦᠩᠯᠢᠶᠣᠣ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠢᠮᠠᠳᠤᠭᠠᠷ ᠪᠠᠶᠢᠴᠠᠭᠠᠬᠤ ᠬᠡᠯᠲᠡᠰ ᠤᠨ ᠡᠷᠬᠢᠯᠡᠭᠴᠢ᠂ ᠨᠢᠭᠡᠳᠦᠭᠡᠷ ᠳᠡᠰ ᠤᠨ ᠪᠠᠶᠢᠴᠠᠭᠠᠭᠴᠢ ᠃
ᠵᠦ ᠱᠠᠨ ᠱᠠᠨ ᠂ ᠡᠮᠡᠭᠲᠡᠢ ᠂ ᠤᠷᠤᠰ ᠦᠨᠳᠦᠰᠦᠲᠡᠨ ᠂ 1980 ᠣᠨ ᠤ 11 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠵᠠᠷᠤᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠰᠢᠭᠦᠨ ᠲᠠᠰᠤᠯᠬᠤ ᠵᠥᠪᠯᠡᠯ ᠤᠨ ᠲᠤᠰᠬᠠᠢ ᠲᠤᠰᠢᠶᠠᠯᠲᠤ ᠭᠡᠰᠢᠭᠦᠨ ᠂ ᠥᠯᠵᠡᠶᠢᠮᠥ᠋ᠷᠡᠨ ᠠᠷᠠᠳ ᠤᠨ ᠰᠢᠭᠦᠬᠦ ᠲᠢᠩᠬᠢᠮ ᠤᠨ ᠳᠠᠷᠤᠭ᠎ᠠ ᠂ ᠨᠢᠭᠡᠳᠦᠭᠡᠷ ᠳᠡᠰ ᠤᠨ ᠰᠢᠭᠦᠭᠴᠢ ᠃
ᠾᠧ ᠰᠢᠤᠸᠠᠢ ᠹᠧᠩ ᠂ ᠡᠷᠡᠭᠲᠡᠢ ᠂ ᠮᠣᠩᠭᠤᠯ ᠦᠨᠳᠦᠰᠦᠲᠡᠨ ᠂ 1976 ᠣᠨ ᠤ 5 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠳ᠋ᠦ᠋ ᠬᠠᠢ ᠶᠠᠨ ᠂ ᠡᠮᠡᠭᠲᠡᠢ ᠂ ᠬᠢᠲᠠᠳ ᠦᠨᠳᠦᠰᠦᠲᠡᠨ ᠂ 1977 ᠣᠨ ᠤ 9 ᠰᠠᠷ᠎ᠠ ᠳᠤ ᠲᠦᠷᠦᠵᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠤᠨ ᠬᠤᠶᠠᠳᠤᠭᠠᠷ ᠭᠠᠵᠠᠷ ᠤᠨ ᠳᠠᠷᠤᠭ᠎ᠠ ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠶᠠᠩ ᠰᠢᠶᠣᠣ ᠪᠢᠨ ᠂ ᠡᠷᠡᠭᠲᠡᠢ ᠂ ᠮᠣᠩᠭᠤᠯ ᠦᠨᠳᠦᠰᠦᠲᠡᠨ ᠂ 1971 ᠣᠨ ᠤ 2 ᠰᠠᠷ᠎ᠠ ᠳᠤ ᠳᠦᠷᠦᠵᠡᠶ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠤᠷᠭᠠᠭᠤᠯᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠃
ᠬᠤᠶᠠᠷ ᠂ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠬᠠᠨᠤᠮᠵᠢᠲᠠᠢ ᠠᠯᠪᠠᠲᠠᠨ ᠤ ᠬᠠᠮᠲᠤ ︾ ᠪᠠᠷ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠡᠲᠡᠭᠡᠳ
ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ
ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠣᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠬᠤᠷᠢᠶ᠎ᠠ
ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠡᠷᠬᠡᠲᠦ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠠᠵᠠᠷ
ᠲᠦᠩᠯᠢᠶᠣᠣ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ
ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠬᠤᠷᠢᠶ᠎ᠠ
ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠢᠶᠠᠨ ᠵᠢᠶᠣᠣ ᠵᠡᠭᠡᠯᠢ ᠭᠤᠳᠤᠮᠵᠢ ᠶᠢᠨ ᠠᠵᠢᠯ ᠤᠨ ᠬᠤᠷᠢᠶ᠎ᠠ
ᠬᠠᠩᠭᠢᠨ ᠬᠤᠶᠢᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
ᠦᠬᠠᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠪᠠᠷᠠᠭᠤᠨ ᠬᠤᠰᠢᠭᠤᠨ ᠤ ᠲᠠᠩᠰᠤᠭ ᠪᠤᠯᠠᠭ ᠰᠤᠮᠤ ᠶᠢᠨ ᠬᠤᠷᠢᠶ᠎ᠠ
ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠢᠨᠠᠨ ᠵᠥᠪᠰᠢᠶᠡᠷᠡᠬᠦ ᠲᠥᠪ
ᠰᠢᠯᠢ ᠶᠢᠨ ᠭᠤᠣᠯ ᠤᠨ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ
ᠬᠥᠯᠥᠨ ᠪᠤᠶᠢᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠶᠢᠨ ᠨᠢᠭᠡᠳᠦᠭᠡᠷ ᠲᠢᠩᠬᠢᠮ
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠣᠨᠢᠨ ᠮᠡᠳᠡᠭᠡᠨ ᠤ ᠭᠠᠵᠠᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠬᠥᠭᠵᠢᠯᠲᠡ ᠶᠢᠨ ᠭᠠᠵᠠᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠰᠢᠨ᠎ᠡ ᠡᠨᠧᠷᠭᠢ ᠪᠠ ᠳᠠᠭᠢᠨ ᠡᠭᠦᠰᠴᠦ ᠪᠤᠯᠬᠤ ᠡᠨᠧᠷᠭᠢ ᠶᠢᠨ ᠭᠠᠵᠠᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠬᠢᠨᠠᠨ ᠪᠠᠶᠢᠴᠠᠭᠠᠬᠤ ᠭᠠᠵᠠᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠡᠷᠬᠡ ᠠᠰᠢᠭ ᠤᠨ ᠬᠡᠯᠲᠡᠰ