ᠲᠥᠪ ᠤᠨ ᠡᠳ᠋ ᠤᠨ ᠵᠠᠰᠠᠭ ᠠᠴᠠ 46.08 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ ᠮᠠᠨ ᠤ ᠣᠷᠣᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2024/12/12

 

      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠡᠳ᠋ ᠤᠨ ᠵᠠᠰᠠᠭ ᠤᠨ ᠶᠠᠮᠤᠨ ᠲᠦᠷᠦᠭᠦᠬᠡᠨ ᠮᠠᠨ ᠤ ᠣᠷᠣᠨ ᠳᠤ 2025 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ 46.08 ᠳ᠋ᠦᠩᠰᠢᠭᠤᠷ ᠲᠥᠭᠦᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ︵ ᠨᠢᠭᠡᠳᠦᠭᠡᠷ ᠪᠦᠯᠦᠭ ︶ ᠢ ᠤᠷᠢᠳᠴᠢᠯᠠᠨ ᠪᠠᠭᠤᠯᠭᠠᠪᠠ ᠃ ᠣᠳᠣᠬᠠᠨ ᠳᠤ ᠡᠨᠡ ᠬᠦ ᠪᠡᠯᠡ ᠮᠥᠩᠭᠦ ᠶᠢ ᠪᠦᠭᠦᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰ ᠱᠠᠲᠤᠨ ᠤ ᠨᠢᠭᠡᠴᠢ ᠪᠣᠯᠣᠨ ᠪᠤᠭᠤᠲᠤ ᠬᠤᠲᠠ ᠂ ᠬᠥᠯᠥᠨ ᠪᠤᠶᠢᠷ ᠬᠤᠲᠠ ᠵᠡᠷᠭᠡ 7 ᠠᠶᠢᠮᠠᠭ ᠬᠤᠲᠠ ᠳᠤ ᠪᠠᠭᠤᠯᠭᠠᠵᠤ ᠂ ᠲᠦᠷᠭᠡᠨ ᠤ ᠵᠠᠰᠠᠮᠠᠯ ᠵᠠᠮ ᠂ ᠡᠩ ᠤᠨ ᠤᠯᠤᠰ ᠤᠨ ᠵᠠᠮ ᠂ ᠠᠶᠠᠨᠴᠢᠳ ᠤᠨ ᠵᠥᠭᠡᠭᠡᠪᠦᠷᠢ ᠶᠢᠨ ᠬᠦᠢᠰᠦ ᠪᠣᠯᠣᠨ ᠠᠶᠤᠯ ᠲᠠᠢ ᠬᠠᠭᠤᠴᠢᠨ ᠬᠥᠭᠦᠷᠭᠡ ᠶᠢ ᠥᠭᠡᠷᠡᠴᠢᠯᠡᠬᠦ ᠵᠡᠷᠭᠡ 22 ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ ᠃

      ᠣᠶᠢᠯᠠᠭᠠᠭᠰᠠᠨ ᠢᠶᠠᠷ ᠂ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠮᠠᠨ ᠤ ᠣᠷᠣᠨ ᠤ ︽ ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ ︾ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠣᠶᠢᠷ᠎ᠠ ᠶᠢᠨ ᠵᠢᠯ ᠳᠤ ᠮᠠᠨ ᠤ ᠣᠷᠣᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠨ ᠪᠦᠭᠦ ᠣᠷᠣᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠪᠠ ᠃ ᠮᠠᠨ ᠤ ᠣᠷᠣᠨ ︽ ᠠᠷᠪᠠᠨ ᠳᠥᠷᠪᠡᠳᠦᠭᠡᠷ ᠲᠠᠪᠤᠨ ᠵᠢᠯ ︾ ᠠᠴᠠ ᠨᠠᠭᠠᠰᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠡ 406.78 ᠳ᠋ᠦᠩᠰᠢᠭᠤᠷ ᠲᠥᠭᠦᠷᠢᠭ ᠴᠢᠷᠮᠠᠶᠢᠨ ᠣᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠥᠰᠥᠪ ᠂ ᠵᠢᠭᠡᠯᠡᠯᠭᠡ ᠶᠢᠨ ᠲᠡᠮᠳᠡᠭᠲᠦ ᠵᠡᠷᠭᠡ ᠪᠡᠯᠡ ᠮᠥᠩᠭᠦ ᠶᠢ 351.44 ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠪᠦᠭᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠣᠣᠷ ᠢ ᠲᠡᠭᠦᠯᠳᠡᠷᠵᠢᠭᠦᠯᠬᠦ ᠪᠠ ᠡᠩ ᠤᠨ ᠤᠯᠤᠰ ᠤᠨ ᠪᠠ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠨᠡᠪᠲᠡᠷᠡᠬᠦ ᠴᠢᠳᠠᠪᠤᠷᠢ ᠪᠣᠯᠣᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠦᠭᠰᠡᠨ ᠪᠠᠶᠢᠨ᠎ᠠ ᠃



 

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ