ᠣᠯᠠᠨ ᠲᠠᠰ ᠳᠠᠪᠬᠤᠷᠭᠠᠲᠤ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ
ᠨᠡᠶᠢᠲᠡᠯᠡᠭᠰᠡᠨ ᠴᠠᠭ᠄
2024/12/12

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

          ᠥᠪᠥᠷ ᠵᠠᠰᠠᠭ ᠲᠠᠷᠬᠠᠭᠠᠭᠰᠠᠨ ﹇ 2024 ﹈ 18 ᠳ᠋ᠤᠭᠠᠷ ᠲᠣᠭᠠᠲᠤ

 

ᠣᠯᠠᠨ ᠲᠠᠰ ᠳᠠᠪᠬᠤᠷᠭᠠᠲᠤ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄ 

     ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠂ ᠣᠯᠠᠨ ᠲᠠᠰ ᠳᠠᠪᠬᠤᠷᠭᠠᠲᠤ ᠂ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ ᠂ ᠮᠠᠨ ᠤ ᠣᠷᠣᠨ ᠤ ᠨᠠᠰᠤᠵᠢᠯ ᠤᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ ᠃

      ᠨᠢᠭᠡ ᠂ ᠶᠡᠷᠦᠩᠬᠡᠢ ᠱᠠᠭᠠᠷᠳᠠᠯᠭ᠎ᠠ 

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠂ ᠨᠡᠶᠢᠭᠡᠮ ᠤᠨ ᠡᠷᠬᠡ ᠲᠡᠭᠰᠢ ᠪᠠ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠦᠨᠳᠦᠰᠦᠨ ᠡᠭᠦᠰᠴᠡ ᠪᠠ ᠲᠤᠰᠤᠯᠲᠠ ᠪᠣᠯᠭᠠᠨ ᠂ ᠪᠦᠬᠦᠨ ᠳᠤ ᠬᠠᠮᠤᠷᠤᠭᠤᠯᠬᠤ ᠂ ᠦᠨᠳᠦᠰᠦᠨ ᠵᠦᠢᠯ ᠢ ᠪᠠᠲᠤᠯᠠᠬᠤ ᠂ ᠣᠯᠠᠨ ᠲᠠᠰ ᠳᠠᠪᠬᠤᠷᠭ᠎ᠠ ᠲᠠᠢ ᠂ ᠦᠷᠭᠦᠯᠵᠢᠯᠡᠬᠦᠶᠢᠴᠡ ᠪᠠᠶᠢᠬᠤ ᠪᠠᠷ ᠬᠠᠷᠠᠯᠲᠠ ᠪᠤᠯᠭᠠᠵᠦ ᠂ ᠥᠪᠡᠷᠲᠡᠭᠡᠨ ᠵᠠᠰᠠᠬᠤ ᠣᠷᠣᠨ ᠤ ᠪᠠᠶᠢᠳᠠᠯ ᠳᠤ ᠪᠠᠨ ᠰᠠᠭᠤᠷᠢᠯᠠᠨ ᠂ ᠢᠳᠡᠪᠬᠢᠲᠡᠢ ᠪᠠᠷ ᠬᠠᠶᠢᠨ ᠰᠦᠪᠡᠭᠴᠢᠯᠡᠵᠦ ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ ᠂ ᠬᠡᠮᠵᠢᠶᠡᠨ ᠤ ᠪᠠᠨ ᠬᠢᠷᠢ ᠪᠠᠷ ᠬᠢᠵᠦ ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠤᠨ᠎ᠠ ︔ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠬᠦ ᠲᠠᠰ ᠳᠠᠪᠬᠤᠷᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ ᠪᠡᠶᠡᠯᠡᠭᠦᠯᠦᠨ᠎ᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠡᠯᠡ ᠴᠤᠭᠯᠠᠭᠤᠯᠬᠤ ᠪᠠ ᠣᠯᠭᠤᠮᠵᠢ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ ᠂ ᠣᠯᠭᠤᠮᠵᠢ ᠬᠠᠷᠠᠭᠠᠯᠵᠠᠯ ᠤᠨ ᠬᠢᠷᠢ ᠲᠦᠪᠰᠢᠨ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ ︔ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ ᠂ 2030 ᠣᠨ ᠪᠣᠯᠬᠤ ᠳᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ ︔ ᠠᠵᠤ ᠠᠬᠤᠶᠢᠯᠠᠯ ᠤᠨ ᠣᠨ ᠤ ᠮᠥᠩᠭᠦᠨ ᠤ ᠬᠡᠪᠴᠢᠶ᠎ᠡ ᠶᠢ ᠥᠷᠭᠡᠳᠬᠡᠬᠦ ᠡᠷᠴᠢᠮ ᠢᠶᠠᠨ ᠴᠢᠩᠭᠠᠷᠠᠭᠤᠯᠵᠤ ᠂ 2030 ᠣᠨ ᠤ ᠰᠡᠭᠦᠯᠴᠢ ᠳᠤ ᠤᠯᠤᠰ ᠤᠨ ᠥᠮᠴᠢᠯᠡᠯᠲᠦ ᠨᠢᠭᠡᠴᠢ ᠪᠦᠬᠦᠨ ᠳᠤ ᠬᠠᠮᠤᠷᠤᠭᠤᠯᠬᠤ ᠂ ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ︽ ᠪᠠᠶᠢᠭᠤᠯᠵᠤ ᠳᠡᠶᠢᠯᠬᠦ ᠪᠦᠬᠦᠨ ᠳᠤ ᠪᠠᠶᠢᠭᠤᠯᠬᠤ ︾ ᠶᠢ ᠪᠡᠶᠡᠯᠡᠭᠦᠯᠦᠨ᠎ᠡ ︔ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠳᠠᠭᠠᠳᠬᠠᠯ ᠢ ᠵᠢᠷᠤᠮᠵᠢᠭᠤᠯᠤᠨ ᠬᠥᠭᠵᠢᠭᠦᠯᠵᠦ ᠂ ᠠᠷᠠᠳ ᠤᠯᠠᠨ ᠤ ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ ᠃ 

      ᠬᠤᠶᠠᠷ ᠂ ᠭᠤᠣᠯ ᠠᠷᠭ᠎ᠠ ᠬᠡᠮᠵᠢᠶ᠎ᠡ 

      ︵ ᠨᠢᠭᠡ ︶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ 

      1. ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠢ ᠪᠥᠬᠦ ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠤᠯᠤᠰ ᠤᠨ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠣᠲᠣ ᠶᠢᠨ ᠬᠡᠷᠡᠭᠵᠢᠭᠦᠯᠵᠦ ᠪᠠᠶᠢᠭ᠎ᠠ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠨᠢ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠨᠢᠭᠡᠳᠦᠯ ᠦᠭᠡᠢ ᠪᠠᠶᠢᠪᠠᠯ ᠂ ᠴᠠᠭ ᠲᠤᠬᠠᠢ ᠳᠤ ᠨᠢ ᠵᠢᠷᠤᠮᠵᠢᠭᠤᠯᠤᠨ ᠲᠣᠬᠢᠷᠠᠭᠤᠯᠵᠤ ᠪᠣᠳᠠᠲᠠᠶᠢᠵᠢᠭᠤᠯᠤᠨ᠎ᠠ ︔ ᠪᠥᠬᠦ ᠤᠯᠤᠰ ᠤᠨ ᠨᠢᠭᠡᠳᠦᠯᠲᠡᠢ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠪᠠᠷᠢᠮᠵᠢᠶ᠎ᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ ︔ ᠰᠠᠭᠤᠷᠢ ᠮᠥᠩᠭᠦᠨ ᠤ ᠬᠠᠮᠢᠶᠠᠷᠤᠯᠲᠠ ᠶᠢ ᠨᠢᠭᠡᠳᠦᠭᠦᠯᠵᠦ ᠵᠢᠷᠤᠮᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠦᠨ᠎ᠡ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠢ ᠪᠣᠯᠣᠨ᠎ᠠ ᠂ ᠳᠣᠷᠣᠭᠰᠢ ᠪᠠᠨ ᠠᠳᠠᠯᠢ ︶

      2. ᠨᠠᠰᠤᠵᠢᠯ ᠤᠨ ᠳᠠᠭᠠᠳᠬᠠᠯ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ ᠂ ᠣᠷᠣᠨ ᠨᠤᠲᠤᠭ ᠤᠨ ᠡᠳ᠋ ᠤᠨ ᠵᠠᠰᠠᠭ ᠢᠶᠠᠷ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠭᠤᠯᠤᠯᠲᠠ ᠶᠢ ᠨᠥᠬᠦᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ ᠂ ᠲᠣᠰ ᠬᠤᠭᠤᠴᠠᠭᠠᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠨᠥᠬᠦᠪᠦᠷᠢ ᠶᠢ ᠲᠤᠭ᠎ᠠ ᠶᠣᠰᠣᠭᠠᠷ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠤᠰᠬᠠᠢ ᠳᠠᠩᠰᠠᠨ ᠡᠷᠦᠬᠡ ᠳᠤ ᠰᠢᠯᠵᠢᠭᠦᠯᠦᠨ ᠥᠭᠬᠦ ᠶᠢ ᠦᠨᠡᠨ ᠬᠦ ᠪᠠᠲᠤᠯᠠᠨ᠎ᠠ ᠃ ᠰᠠᠭᠤᠷᠢ ᠮᠥᠩᠭᠦᠨ ᠤ ᠲᠥᠰᠥᠪ ᠲᠤ ᠬᠠᠮᠢᠶᠠᠷᠤᠯᠲᠠ ᠬᠢᠬᠦ ᠪᠠᠨ ᠴᠢᠩᠭᠠᠳᠬᠠᠵᠤ ᠂ ᠰᠠᠭᠤᠷᠢ ᠮᠥᠩᠭᠦᠨ ᠤ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠠᠬᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︶

      3. ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠬᠤᠷᠢᠶᠠᠬᠤ ᠠᠷᠭ᠎ᠠ ᠮᠠᠶ᠋ᠢᠭ ᠢ ᠨᠢᠭᠡᠳᠬᠡᠨ᠎ᠡ ᠃ ᠬᠥᠮᠥᠨ ᠬᠡᠷᠡᠭᠯᠡᠬᠦ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢᠶᠠᠨ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠨᠢᠭᠡᠳᠦᠯᠲᠡᠢ ᠪᠣᠯᠭᠠᠵᠤ ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠴᠠᠭ ᠬᠤᠭᠤᠴᠠᠭ᠎ᠠ ᠶᠢ ᠵᠢᠷᠤᠮᠵᠢᠭᠤᠯᠤᠨ ᠂ ᠭᠤᠶᠤᠴᠢᠯᠠᠨ ᠮᠡᠳᠡᠭᠦᠯᠵᠦ ᠰᠦᠢᠳᠬᠡᠯ ᠲᠤᠰᠢᠶᠠᠬᠤ ᠴᠤᠪᠤᠷᠠᠯ ᠢ ᠨᠢᠭᠡᠳᠦᠯᠲᠡᠢ ᠪᠣᠯᠭᠠᠵᠤ ᠂ ᠬᠥᠮᠥᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠦᠢᠳᠬᠡᠯ ᠢᠶᠠᠨ ᠬᠠᠤᠯᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠲᠤᠰᠢᠶᠠᠯᠭᠠᠨ᠎ᠠ ᠃ ︵ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ︶

      ︵ ᠬᠤᠶᠠᠷ ︶ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢ ᠴᠢᠩᠭᠠᠳᠬᠠᠨ᠎ᠠ ᠃ 

      4. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠵᠢᠷᠤᠮᠵᠢᠭᠤᠯᠤᠨ᠎ᠠ ᠃ ᠪᠥᠬᠦ ᠣᠷᠣᠨ ᠳᠤ ᠨᠢᠭᠡᠳᠦᠯᠲᠡᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠂ ᠨᠢᠭᠡᠳᠦᠯᠲᠡᠢ ᠭᠠᠷᠳᠠᠨ ᠭᠦᠢᠴᠡᠳᠬᠡᠬᠦ ᠳᠦᠷᠢᠮᠯᠡᠯ ᠢ ᠬᠡᠷᠡᠭᠵᠢᠭᠦᠯᠵᠦ ᠂ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠯᠡᠨ ᠨᠠᠰᠤᠵᠢᠯ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠦᠨ᠎ᠡ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︶

      5. ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠪᠠ ᠠᠵᠢᠯ ᠮᠡᠷᠭᠡᠵᠢᠯ ᠤᠨ ᠣᠨ ᠤ ᠮᠥᠩᠭᠦᠨ ᠤ ᠰᠦᠢᠳᠬᠡᠯ ᠲᠤᠰᠢᠶᠠᠬᠤ ᠲᠥᠰᠥᠪ ᠵᠢᠴᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠤᠨ ᠨᠥᠬᠦᠪᠦᠷᠢ ᠶᠢᠨ ᠲᠥᠰᠥᠪ ᠢ ᠲᠣᠭᠲᠠᠭᠠᠯ ᠶᠣᠰᠣᠭᠠᠷ ᠭᠦᠢᠴᠡᠳ ᠲᠣᠬᠢᠷᠠᠭᠤᠯᠵᠤ ᠂ ᠲᠥᠰᠥᠪ ᠤᠨ ᠭᠦᠢᠴᠡᠳᠭᠡᠯᠲᠡ ᠶᠢ ᠴᠢᠩᠳᠠᠯᠠᠨ ᠂ ᠡᠳ᠋ ᠤᠨ ᠵᠠᠰᠠᠭ ᠤᠨ ᠨᠥᠬᠦᠪᠦᠷᠢ  ᠪᠡᠯᠡ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ ᠃ ᠨᠥᠬᠦᠴᠡᠯ ᠲᠠᠢ ᠭᠠᠵᠠᠷ ᠣᠷᠣᠨ ᠤ ᠰᠠᠭᠤᠷᠢ ᠮᠥᠩᠭᠦᠨ ᠤ ᠨᠢᠭᠡᠳᠦᠯᠲᠡᠢ ᠲᠥᠯᠥᠪᠯᠡᠬᠦ ᠱᠠᠲᠤ ᠳᠡᠰ ᠢᠶᠠᠨ ᠠᠶᠢᠮᠠᠭ ᠬᠤᠲᠠ ᠶᠢᠨ ᠱᠠᠲᠤᠨ ᠳᠤ ᠬᠦᠷᠲᠡᠯ᠎ᠡ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︶

      ︵ ᠭᠤᠷᠪᠠ ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠃ 

      6. ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠠᠷᠪᠢᠨ ᠲᠤᠰᠢᠶᠠᠪᠠᠯ ᠠᠷᠪᠢᠨ ᠣᠯᠬᠤ ᠂ ᠣᠷᠳᠣ ᠬᠤᠭᠤᠴᠠᠭ᠎ᠠ ᠲᠤᠰᠢᠶᠠᠪᠠᠯ ᠢᠯᠡᠭᠦᠦ ᠣᠯᠬᠤ ᠤᠷᠮᠠᠰᠢᠭᠤᠯᠤᠯ ᠤᠨ ᠲᠣᠭᠲᠠᠴᠠ ᠶᠢ ᠪᠠᠶᠢᠭᠤᠯᠵᠤ ᠂ ᠨᠥᠬᠦᠴᠡᠯ ᠲᠠᠢ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠵᠤ ᠪᠠᠶᠢᠭᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠦᠷᠢ ᠥᠭᠭᠦᠨ᠎ᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ ᠢ ᠦᠨᠳᠦᠰᠦᠯᠡᠨ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠣᠣᠷ᠎ᠠ ᠵᠠᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ ︔ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠰᠦᠪᠡᠭᠴᠢᠯᠡᠵᠦ ᠂ ᠨᠥᠬᠦᠪᠦᠷᠢᠯᠡᠨ ᠲᠤᠰᠢᠶᠠᠬᠤ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ᠎ᠠ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠠᠰ ᠱᠠᠲᠤ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠮᠤᠷ ᠲᠦᠪᠰᠢᠨ ᠪᠥᠭᠡᠳ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠵᠤ ᠂ ᠬᠤᠪᠢ ᠬᠥᠮᠥᠨ ᠤ ᠲᠠᠩᠰᠠᠨ ᠡᠷᠦᠬᠡ ᠶᠢᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠵᠦ ᠪᠠᠶᠢᠭᠠᠳ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠠᠴᠠ ᠰᠡᠷᠭᠡᠶᠢᠯᠡᠨ᠎ᠡ ᠃ ᠤᠯᠤᠰ ᠤᠨ ᠳᠡᠮᠵᠢᠯᠭᠡ ᠶᠢ ᠴᠢᠷᠮᠠᠶᠢᠨ ᠣᠯᠵᠤ ᠂ ᠭᠠᠵᠠᠷ ᠲᠠᠷᠢᠶ᠎ᠡ ᠪᠠᠨ ᠠᠯᠳᠠᠭᠰᠠᠨ ᠬᠡᠰᠡᠭ ᠮᠠᠯᠴᠢᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠤᠨ ᠲᠤᠰᠬᠠᠢ ᠳᠦᠷᠢᠮ ᠬᠡᠷᠡᠭᠵᠢᠭᠦᠯᠵᠦ ᠪᠦᠬᠦᠢ ᠭᠠᠵᠠᠷ ᠣᠷᠣᠨ ᠢ ᠲᠥᠷᠥᠯ ᠬᠤᠪᠢᠶᠠᠨ ᠵᠢᠯᠤᠭᠤᠳᠴᠤ ᠪᠠᠶᠢᠭᠠᠳ ᠨᠡᠶᠢᠯᠡᠭᠦᠯᠦᠨ ᠨᠢᠭᠡᠳᠬᠡᠬᠦ ᠲᠥᠰᠥᠯ ᠢ ᠲᠣᠭᠲᠠᠭᠠᠨ ᠂ ᠬᠠᠤᠯᠢ ᠪᠠᠷ ᠲᠣᠭᠲᠠᠭᠠᠭᠰᠠᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠲᠣᠭᠲᠠᠯᠴᠠᠭ᠎ᠠ ᠳᠤ ᠣᠷᠣᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︶

      7. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠡᠪ ᠤᠨ ᠲᠣᠬᠢᠷᠠᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠪᠥᠬᠦ ᠣᠷᠣᠨ ᠤ ᠳᠣᠣᠷ᠎ᠠ ᠵᠠᠬ᠎ᠠ ᠶᠢᠨ ᠪᠠᠷᠢᠮᠵᠢᠶ᠎ᠠ ᠪᠠ ᠰᠦᠢᠳᠬᠡᠯ ᠲᠤᠰᠢᠶᠠᠬᠤ ᠨᠡᠮᠡᠭᠦᠷᠢ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ ᠃ ᠰᠢᠯᠭᠠᠨ ᠬᠢᠨᠠᠯᠲᠠ ᠶᠢᠨ ᠵᠢᠯᠣᠭᠤᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠡᠯ᠎ᠡ ᠭᠠᠵᠠᠷ ᠤᠨ ᠬᠢᠨ ᠤ ᠡᠳ᠋ ᠤᠨ ᠵᠠᠰᠠᠭ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠰᠢᠮᠳᠠᠭᠤᠯᠵᠤ ᠂ ᠲᠤᠬᠠᠢ ᠶᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠤᠮᠳᠠᠴᠢ ᠬᠢᠷᠢ ᠲᠦᠪᠰᠢᠨ ᠢ ᠤᠯᠤᠰ ᠤᠨ ᠰᠢᠯᠭᠠᠨ ᠬᠢᠨᠠᠬᠤ ᠱᠠᠭᠠᠷᠳᠠᠯᠭ᠎ᠠ ᠠᠴᠠ ᠳᠣᠣᠷ᠎ᠠ ᠦᠭᠡᠢ ᠂ ᠪᠥᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠶᠡᠷᠦᠩᠬᠡᠢ ᠬᠢᠷᠢ ᠲᠦᠪᠰᠢᠨ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠦᠭᠡᠢ ᠪᠠᠶᠢᠯᠭᠠᠬᠤ ᠶᠢ ᠦᠨᠡᠨ ᠬᠦ ᠪᠠᠲᠤᠯᠠᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ︶

      ︵ ᠳᠥᠷᠪᠡ ︶ ᠣᠨ ᠤ ᠮᠥᠩᠭᠦᠨ ᠤ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ ᠃ 

      8. ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠤᠳ ᠵᠠᠷᠴᠢᠮ ᠳᠡᠭᠡᠷ᠎ᠡ ᠪᠠᠨ ᠴᠥᠮ ᠠᠵᠤ ᠠᠬᠤᠶᠢᠯᠠᠯ ᠤᠨ ᠣᠨ ᠤ ᠮᠥᠩᠭᠦ ᠶᠢ ᠪᠠᠶᠢᠭᠤᠯᠵᠤ ᠂ ᠡᠵᠡᠩᠨᠡᠯᠲᠡ ᠶᠢᠨ ᠪᠠᠶᠢᠳᠠᠯ ᠪᠠᠷᠤᠭᠲᠠᠢ ᠠᠴᠠ ᠪᠣᠯᠵᠤ ᠲᠦᠷ ᠴᠠᠭ ᠪᠠᠶᠢᠭᠤᠯᠬᠤ ᠨᠥᠬᠦᠴᠡᠯ ᠦᠭᠡᠢ ᠪᠠᠶᠢᠪᠠᠯ ᠂ ᠡᠵᠡᠩᠨᠡᠯᠲᠡ ᠶᠢᠨ ᠨᠥᠬᠦᠴᠡᠯ ᠨᠢ ᠰᠠᠶᠢᠵᠢᠷᠠᠭᠰᠠᠨ ᠤ ᠳᠠᠷᠠᠭ᠎ᠠ ᠴᠠᠭ ᠲᠤᠬᠠᠢ ᠳᠤ ᠨᠢ ᠪᠠᠶᠢᠭᠤᠯᠬᠤ ᠬᠡᠷᠡᠭᠲᠡᠢ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︶

      9. ᠬᠤᠪᠢ ᠶᠢᠨ ᠡᠵᠡᠩᠨᠡᠯᠲᠡ ᠶᠢᠨ ᠨᠢᠭᠡᠴᠢ ᠶᠢᠨ ᠠᠵᠢᠯᠲᠠᠨ ᠠᠵᠢᠯᠴᠢᠨ ᠳᠤ ᠪᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠬᠦ ᠶᠢ ᠵᠣᠷᠢᠭᠵᠢᠭᠤᠯᠤᠨ᠎ᠠ ᠃ ᠠᠵᠤ ᠠᠬᠤᠢ ᠶᠢᠨ ᠦᠷ᠎ᠡ ᠠᠰᠢᠭ ᠢᠶᠠᠷ ᠨᠡᠯᠢᠶᠡᠳ ᠰᠠᠶᠢᠨ ᠬᠤᠪᠢ ᠶᠢᠨ ᠡᠵᠡᠩᠨᠡᠯᠲᠡ ᠶᠢᠨ ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠠᠵᠢᠯᠲᠠᠨ ᠠᠵᠢᠯᠴᠢᠨ ᠳᠤ ᠪᠠᠨ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠭᠦᠨ᠎ᠡ ᠃ ᠬᠤᠪᠢ ᠶᠢᠨ ᠡᠵᠡᠩᠨᠡᠯᠲᠡ ᠶᠢᠨ ᠨᠢᠭᠡᠴᠢ ᠶᠢ ᠳᠡᠮᠵᠢᠵᠦ ᠂ ᠰᠢᠯᠢᠳᠡᠭ ᠠᠵᠢᠯᠲᠠᠨ ᠂ ᠠᠬᠠᠮᠠᠳ ᠠᠵᠢᠯᠲᠠᠨ ᠳᠤ ᠤᠷᠢᠳ ᠢᠶᠠᠷ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠵᠤ ᠥᠭᠭᠦᠨ᠎ᠡ ᠃ ᠨᠥᠬᠦᠴᠡᠯ ᠲᠠᠢ ᠭᠠᠵᠠᠷ ᠣᠷᠣᠨ ᠨᠢ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠵᠤ ᠂ ᠬᠠᠮᠲᠤ ᠪᠠᠷ ᠵᠥᠪᠳᠡᠯᠴᠡᠬᠦ ᠂ ᠪᠡᠶ᠎ᠡ ᠪᠠᠨ ᠳᠠᠭᠠᠭᠠᠵᠤ ᠣᠷᠣᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠪᠠ ᠠᠵᠢᠯᠲᠠᠨ ᠢ ᠬᠠᠮᠤᠷᠤᠭᠰᠠᠨ ᠠᠵᠤ ᠠᠬᠤᠶᠢᠯᠠᠯ ᠤᠨ ᠣᠨ ᠤ ᠮᠥᠩᠭᠦᠨ ᠤ ᠳᠦᠷᠢᠮ ᠪᠠᠶᠢᠭᠤᠯᠬᠤ ᠶᠢ ᠰᠦᠪᠡᠭᠴᠢᠯᠡᠵᠦ ᠪᠣᠯᠣᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶

      10. ᠴᠢᠳᠠᠪᠤᠷᠢᠲᠠᠨ ᠤ ᠣᠨ ᠤ ᠮᠥᠩᠭᠦᠨ ᠤ ᠳᠦᠷᠢᠮ ᠢ ᠪᠠᠶᠢᠭᠤᠯᠤᠨ᠎ᠠ ᠃ ᠴᠢᠳᠠᠪᠤᠷᠢᠲᠠᠨ ᠤ ᠣᠨ ᠤ ᠮᠥᠩᠭᠦᠨ ᠤ ᠠᠷᠭ᠎ᠠ ᠶᠢ ᠨᠡᠶᠢᠲᠡᠯᠡᠵᠦ ᠂ ᠪᠥᠬᠦ ᠠᠵᠢᠯᠲᠠᠨ ᠪᠤᠶᠤ ᠣᠯᠠᠩᠬᠢ ᠬᠥᠮᠥᠰ ᠲᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠬᠤ ᠨᠥᠬᠦᠴᠡᠯ ᠢ ᠲᠦᠷ ᠪᠦᠷᠢᠳᠦᠭᠦᠯᠦᠭᠡᠳᠦᠢ ᠬᠥᠮᠥᠨ ᠬᠡᠷᠡᠭᠯᠡᠬᠦ ᠨᠢᠭᠡᠴᠢ ᠨᠢ ᠠᠵᠤ ᠠᠬᠤᠶᠢᠯᠠᠯ ᠤᠨ ᠣᠨ ᠤ ᠮᠥᠩᠭᠦᠨ ᠤ ᠳᠦᠷᠢᠮ ᠤᠨ ᠳᠣᠣᠷ᠎ᠠ ᠂ ᠨᠢᠭᠡᠴᠢ ᠶᠢᠨ ᠢᠶᠠᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠴᠢᠳᠠᠪᠤᠷᠢᠲᠠᠳ ᠲᠤ ᠤᠷᠢᠳ ᠢᠶᠠᠷ ᠴᠢᠳᠠᠪᠤᠷᠢᠲᠠᠨ ᠤ ᠣᠨ ᠤ ᠮᠥᠩᠭᠦ ᠪᠠᠶᠢᠭᠤᠯᠤᠨ ᠥᠭᠴᠦ ᠪᠣᠯᠣᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶

      11. ᠠᠵᠤ ᠠᠬᠤᠶᠢᠯᠠᠯ ᠤᠨ ᠣᠨ ᠤ ᠮᠥᠩᠭᠦ ᠶᠢ ᠨᠥᠬᠦᠨ ᠲᠡᠮᠳᠡᠭᠯᠡᠬᠦ ᠠᠵᠢᠯ ᠢ ᠰᠠᠶᠢᠲᠤᠷ ᠬᠢᠨ᠎ᠡ ᠃ ᠣᠨ ᠤ ᠮᠥᠩᠭᠦ ᠶᠢ ᠰᠢᠨ᠎ᠡ ᠪᠠᠷ ᠪᠠᠶᠢᠭᠤᠯᠤᠭᠰᠠᠨ ᠬᠥᠮᠥᠨ ᠬᠡᠷᠡᠭᠯᠡᠬᠦ ᠨᠢᠭᠡᠴᠢ ᠨᠢ ᠠᠵᠢᠯᠲᠠᠨ ᠠᠵᠢᠯᠴᠢᠨ ᠳᠤ ᠡᠮᠦᠨᠡᠬᠢ ᠵᠢᠯ ᠤᠳ ᠤᠨ ᠠᠵᠤ ᠠᠬᠤᠶᠢᠯᠠᠯ ᠤᠨ ᠣᠨ ᠤ ᠮᠥᠩᠭᠦ ᠶᠢ ᠨᠥᠬᠦᠨ ᠪᠠᠶᠢᠭᠤᠯᠵᠤ ᠪᠣᠯᠣᠨ᠎ᠠ ᠂ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ ᠂ ᠡᠬᠢᠯᠡᠵᠦ ᠨᠥᠬᠦᠨ ᠪᠠᠶᠢᠭᠤᠯᠬᠤ ᠴᠠᠭ ᠨᠢ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠪᠠᠶᠢᠭᠤᠯᠤᠭᠰᠠᠨ ᠴᠠᠭ ᠠᠴᠠ ᠡᠷᠲᠡ ᠪᠠᠶᠢᠵᠤ ᠪᠣᠯᠬᠤ ᠦᠭᠡᠢ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︶

      12. ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠤᠷᠤᠯᠴᠬᠠᠰᠠᠨ ᠬᠥᠮᠥᠰ ᠤᠨ ᠣᠯᠭᠤᠮᠵᠢ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠨᠥᠬᠦᠴᠡᠯ ᠲᠠᠢ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠲᠣᠰ ᠨᠢᠭᠡᠴᠢ ᠶᠢᠨ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠲᠤ ᠠᠵᠤ ᠠᠬᠤᠶᠢᠯᠠᠯ ᠤᠨ ᠣᠨ ᠤ ᠮᠥᠩᠭᠦ ᠪᠠᠶᠢᠭᠤᠯᠤᠨ ᠥᠭᠴᠦ ᠂ ᠲᠡᠳᠡᠨ ᠤ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠣᠯᠭᠤᠮᠵᠢ ᠬᠠᠷᠠᠭᠠᠯᠵᠠᠯ ᠤᠨ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶

      13. ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ ᠃ ᠠᠵᠤ ᠠᠬᠤᠶᠢᠯᠠᠯ ᠤᠨ ᠣᠨ ᠤ ᠮᠥᠩᠭᠦᠨ ᠤ ᠲᠥᠰᠥᠯ ᠤᠨ ᠳᠠᠩᠰᠠᠯᠠᠭᠤᠯᠬᠤ ᠶᠠᠪᠤᠴᠠ ᠶᠢ ᠳᠥᠭᠦᠮᠴᠢᠯᠡᠵᠦ ᠂ ᠮᠡᠳᠡᠭᠦᠯᠦᠨ ᠬᠦᠷᠭᠡᠬᠦ ᠮᠠᠲ᠋ᠧᠷᠢᠶᠠᠯ ᠳᠤ ᠳᠠᠩᠰᠠᠯᠠᠭᠤᠯᠬᠤ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ ᠪᠣᠯᠣᠨ᠎ᠠ ᠃ ᠠᠵᠤ ᠠᠬᠤᠶᠢᠯᠠᠯ ᠤᠨ ᠣᠨ ᠤ ᠮᠥᠩᠭᠦᠨ ᠤ ᠮᠡᠳᠡᠭᠡ ᠵᠠᠩᠭᠢ ᠶᠢᠨ ᠰᠢᠰᠲ᠋ᠧᠮ ᠪᠠ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ ᠂ ᠠᠵᠤ ᠠᠬᠤᠶᠢᠯᠠᠯ ᠤᠨ ᠣᠨ ᠤ ᠮᠥᠩᠭᠦᠨ ᠤ ᠬᠠᠮᠢᠶ᠎ᠠ ᠪᠦᠬᠦᠢ ᠳ᠋ᠠᠶᠢᠲ᠋ᠠ ᠶᠢ ᠪᠥᠬᠦ ᠣᠷᠣᠨ ᠤ ᠨᠢᠭᠡᠳᠦᠯᠲᠡᠢ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ ᠂ ᠡᠯ᠎ᠡ ᠭᠠᠵᠠᠷ ᠤᠨ ᠬᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠳ᠋ᠠᠶᠢᠲ᠋ᠠ ᠯᠤᠭ᠎ᠠ ᠬᠠᠷᠢᠴᠠᠭᠤᠯᠬᠤ ᠠᠵᠢᠯ ᠢ ᠰᠠᠶᠢᠲᠤᠷ ᠬᠢᠵᠦ ᠂ ᠠᠵᠤ ᠠᠬᠤᠶᠢᠯᠠᠯ ᠤᠨ ᠣᠨ ᠤ ᠮᠥᠩᠭᠦᠨ ᠤ ᠦᠢᠯᠡᠴᠢᠯᠡᠭᠡᠨ ᠤ ᠪᠠᠶᠢᠭᠤᠯᠤᠮᠵᠢ ᠳᠦᠷᠢᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠳᠤ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠂ ᠠᠵᠢᠯᠴᠢᠨ ᠤ ᠶᠡᠷᠦᠩᠬᠡᠢ ᠡᠪᠯᠡᠯ ︶

      14. ᠠᠵᠢᠯ ᠮᠡᠷᠭᠡᠵᠢᠯ ᠤᠨ ᠣᠨ ᠤ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ ᠃ ᠠᠵᠢᠯ ᠮᠡᠷᠭᠡᠵᠢᠯ ᠤᠨ ᠣᠨ ᠤ ᠮᠥᠩᠭᠦ ᠶᠢ ᠴᠤᠭᠯᠠᠭᠤᠯᠤᠨ ᠨᠡᠶᠢᠯᠡᠭᠦᠯᠬᠦ ᠶᠠᠪᠤᠴᠠ ᠶᠢ ᠵᠢᠷᠤᠮᠵᠢᠭᠤᠯᠵᠤ ᠂ ᠠᠵᠢᠯ ᠮᠡᠷᠭᠡᠵᠢᠯ ᠤᠨ ᠣᠨ ᠤ ᠮᠥᠩᠭᠦ ᠶᠢ ᠴᠠᠭ ᠲᠤᠬᠠᠢ ᠳᠤ ᠨᠢ ᠴᠤᠭᠯᠠᠭᠤᠯᠤᠨ ᠨᠡᠶᠢᠯᠡᠭᠦᠯᠵᠦ ᠰᠢᠯᠵᠢᠭᠦᠯᠦᠨ ᠥᠭᠬᠦ ᠂ ᠠᠵᠢᠯ ᠮᠡᠷᠭᠡᠵᠢᠯ ᠤᠨ ᠣᠨ ᠤ ᠮᠥᠩᠭᠦ ᠶᠢ ᠡᠬᠢᠯᠡᠭᠦᠯᠦᠨ ᠪᠡᠯᠡ ᠣᠷᠣᠭᠤᠯᠵᠤ ᠠᠵᠢᠯᠯᠠᠭᠤᠯᠤᠨ ᠡᠵᠡᠩᠨᠡᠬᠦ ᠠᠴᠠ ᠡᠮᠦᠨᠡᠬᠢ ᠬᠦᠦ ᠮᠥᠩᠭᠦ ᠨᠥᠬᠦᠪᠦᠷᠢᠯᠡᠬᠦ ᠪᠡᠯᠡ ᠮᠥᠩᠭᠦ ᠶᠢ ᠴᠠᠭ ᠲᠤᠬᠠᠢ ᠳᠤ ᠨᠢ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ ᠃ ᠠᠵᠢᠯ ᠮᠡᠷᠭᠡᠵᠢᠯ ᠤᠨ ᠣᠨ ᠤ ᠮᠥᠩᠭᠦ ᠶᠢ ᠨᠥᠬᠦᠨ ᠲᠡᠮᠳᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠨᠥᠬᠦᠴᠡᠯ ᠲᠠᠢ ᠭᠠᠵᠠᠷ ᠣᠷᠣᠨ ᠤ ᠠᠵᠢᠯ ᠮᠡᠷᠭᠡᠵᠢᠯ ᠤᠨ ᠣᠨ ᠤ ᠮᠥᠩᠭᠦᠨ ᠤ ᠲᠠᠩᠰᠠ ᠲᠡᠮᠳᠡᠭᠯᠡᠬᠦ ᠬᠡᠰᠡᠭ ᠤᠨ ᠰᠦᠢᠳᠬᠡᠯ ᠲᠤᠰᠢᠶᠠᠬᠤ ᠶᠢ ᠢᠳᠡᠪᠬᠢᠲᠡᠢ ᠪᠠᠷ ᠪᠣᠳᠠᠲᠠᠶᠢᠵᠢᠭᠤᠯᠬᠤ ᠶᠢ ᠵᠣᠷᠢᠭᠵᠢᠭᠤᠯᠤᠨ᠎ᠠ ᠃ ︵ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ︶

      ︵ ᠲᠠᠪᠤ ︶ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠢᠷᠤᠮᠵᠢᠭᠤᠯᠤᠨ ᠬᠥᠭᠵᠢᠭᠦᠯᠦᠨ᠎ᠡ ᠃ 

      15. ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠃ ᠤᠷᠢᠳ ᠢᠶᠠᠷ ᠬᠡᠷᠡᠭᠵᠢᠭᠦᠯᠦᠭᠰᠡᠨ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠥᠷᠨᠢᠭᠦᠯᠦᠨ᠎ᠡ ᠃ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠳᠦᠷᠢᠮ ᠤᠨ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠤᠨ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠣᠷᠣᠯᠴᠠᠬᠤ ᠨᠣᠷᠮ᠎ᠠ ᠪᠠ ᠰᠦᠢᠳᠬᠡᠯ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠵᠦ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠡᠷᠡᠳᠬᠦᠨ ᠵᠢᠴᠢ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ ᠃ ᠬᠢᠯᠢ ᠬᠢᠵᠠᠭᠠᠷ ᠣᠷᠣᠨ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠪᠠ ᠪᠤᠰᠤᠳ ᠨᠥᠬᠦᠴᠡᠯ ᠲᠠᠢ ᠭᠠᠵᠠᠷ ᠣᠷᠣᠨ ᠨᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠳᠤ ᠣᠷᠣᠯᠴᠠᠭᠰᠠᠨ ᠣᠷᠣᠭᠤᠯᠵᠤ ᠠᠪᠴᠢᠷᠠᠭᠰᠠᠨ ᠴᠢᠳᠠᠪᠤᠷᠢᠲᠠᠳ ᠬᠢᠭᠡᠳ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠳ ᠲᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠨᠡᠮᠡᠭᠦᠷᠢ ᠶᠢᠨ ᠳᠦᠷᠢᠮ ᠢ ᠪᠠᠶᠢᠭᠤᠯᠵᠤ ᠥᠭᠴᠦ ᠪᠣᠯᠣᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

      ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ 

      ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠯᠠᠨ ᠲᠠᠰ ᠳᠠᠪᠬᠤᠷᠭᠠᠲᠤ ᠂ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠢᠵᠢ ᠪᠦᠷᠢᠳᠦᠭᠦᠯᠦᠭᠰᠡᠨ ᠲᠥᠰᠥᠯ ᠠᠷᠭ᠎ᠠ ᠬᠡᠮᠵᠢᠶ᠎ᠡ ᠶᠢ ᠲᠣᠭᠲᠠᠭᠠᠵᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ ᠂ ᠠᠵᠢᠯ ᠢ ᠠᠬᠢᠭᠤᠯᠬᠤ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠶᠢᠨ ᠠᠷᠭ᠎ᠠ ᠪᠠ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠤᠨ ᠳᠤᠮᠳᠠᠬᠢ ᠠᠰᠠᠭᠤᠳᠠᠯ ᠢᠶᠠᠨ ᠰᠢᠢᠳᠪᠦᠷᠢᠯᠡᠵᠦ ᠂ ᠪᠠᠶᠢᠭᠤᠯᠤᠯ ᠲᠣᠭᠲᠠᠴᠠ ᠶᠢᠨ ᠰᠠᠭᠠᠳ ᠲᠣᠳᠬᠠᠷ ᠢ ᠲᠠᠰᠤᠷᠠᠯᠳᠠ ᠦᠭᠡᠢ ᠠᠷᠢᠯᠭᠠᠬᠤ ᠬᠡᠷᠡᠭᠲᠡᠢ ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠳ᠋ᠢᠵᠢᠲ᠋ᠠᠯ ᠢᠶᠠᠷ ᠡᠷᠴᠢᠮᠯᠡᠬᠦ ᠶᠢ ᠲᠦᠷᠭᠡᠳᠬᠡᠨ ᠂ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠵᠦ ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ ᠂ ᠡᠯ᠎ᠡ ᠲᠥᠷᠥᠯ ᠤᠨ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠲᠤ ᠲᠦᠰᠢᠭᠯᠡᠨ ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠭᠦᠨᠵᠡᠭᠡᠢ ᠤᠬᠠᠭᠤᠯᠤᠨ ᠲᠠᠶᠢᠯᠪᠤᠷᠢᠯᠠᠵᠤ ᠂ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠨ ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ ᠃ 

 

                                         2024 ᠣᠨ ᠤ 5 ᠳ᠋ᠤᠭᠠᠷ ᠰᠠᠷ᠎ᠠ ᠶᠢᠨ 28 ᠤ ᠡᠳᠦᠷ    

      ︵ ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                                2024 ᠣᠨ ᠤ 5 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ