ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇ 2024 ﹈ 213 ᠳ᠋ᠤᠭᠠᠷ ᠲᠣᠭᠠᠲᠤ
︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ
ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ
︵ 2022 – 2024 ᠣᠨ ︶ ︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ
ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠭᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄
ᠲᠠᠨ ᠤ ᠬᠤᠲᠠ ᠶᠢᠨ ︽ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ᠢ ᠵᠥᠪᠰᠢᠶᠡᠷᠡᠭᠦᠯᠬᠦ ᠲᠤᠬᠠᠢ ᠡᠰᠢᠯᠡᠯᠲᠡ ︾ ︵ᠭᠦᠬᠡᠬᠤᠲᠠ ᠵᠠᠰᠠᠭ ᠲᠠᠷᠬᠠᠭᠠᠭᠰᠠᠨ ﹇2024﹈ 282 ᠳ᠋ᠤᠭᠠᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ ︶ ︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽ ︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023 ﹈ 7 ᠳ᠋ᠤᠭᠠᠷ ᠲᠣᠭᠠᠲᠤ ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶ ︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ ᠃ ᠡᠶᠢᠨ ᠬᠦ ︽ ᠭᠦᠬᠡᠬᠤᠲᠠ ᠶᠢᠨ ᠢᠦᠢ ᠴᠢᠤᠸᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵ 2022 – 2024 ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃
2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶