ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇ 2024 ﹈ 216 ᠳ᠋ᠤᠭᠠᠷ ᠲᠣᠭᠠᠲᠤ
︽ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ
ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵ 2022 – 2024 ᠣᠨ ︶ ︾ ᠤᠨ
ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠄
ᠲᠠᠨ ᠤ ᠬᠤᠲᠠ ᠶᠢᠨ ︽︿ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵ 2022 – 2024 ᠣᠨ ︶ ﹀ ᠢ ᠬᠢᠨᠠᠨ ᠵᠥᠪᠰᠢᠶᠡᠷᠡᠭᠦᠯᠬᠦ ᠲᠤᠬᠠᠢ ᠡᠰᠢᠯᠡᠯᠲᠡ ︾ ︵ᠪᠤᠭᠤᠲᠤ ᠣᠷᠳᠣᠨ ᠮᠡᠳᠡᠭᠦᠯᠦᠯᠲᠡ ﹇2024﹈ 167 ᠳ᠋ᠤᠭᠠᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵2022 – 2024 ᠣᠨ ︶ ︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽ ︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023 ﹈ 7 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶ ︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ ᠃ ᠡᠶᠢᠨ ᠬᠦ ︽ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠶᠢᠨ ᠲᠥᠰᠥᠯ ︵ 2022 – 2024ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃
2024 ᠣᠨ ᠤ 11 ᠳ᠋ᠦ᠋ᠭᠡᠷ ᠰᠠᠷ᠎ᠠ ᠶᠢᠨ 5 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶