ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/12/16

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                 ᠥᠪᠥᠷ ᠵᠠᠰᠠᠭ ᠠᠯᠪᠠᠨ ᠲᠠᠷᠬᠠᠭᠠᠭᠰᠠᠨ ﹇ 2024 ﹈ 46 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ ᠄

      ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ ︾ ᠂ ︽ ᠬᠠᠮᠤᠭ ᠤᠨ ᠳᠣᠣᠷ᠎ᠠ ᠴᠠᠯᠢᠩ ᠤᠨ ᠲᠣᠭᠲᠠᠭᠠᠯ ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠢᠯᠲᠠᠨ ᠠᠵᠢᠯᠴᠢᠨ ᠤ ᠴᠠᠯᠢᠩ ᠤᠨ ᠬᠢᠷᠢ ᠬᠡᠮᠵᠢᠶ᠎ᠡ ᠶᠢᠨ ᠨᠡᠮᠡᠭᠳᠡᠯ ᠵᠡᠷᠭᠡ ᠪᠠᠶᠢᠳᠠᠯ ᠲᠠᠢ ᠤᠶᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠶᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ ᠄

      ᠨᠢᠭᠡ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠤ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 2270 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ 2200 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 2140 ᠲᠥᠭᠦᠷᠢᠭ ᠪᠣᠯᠤᠨ᠎ᠠ ︔ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 22.4 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ 21.7 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 21.1 ᠲᠥᠭᠦᠷᠢᠭ ᠪᠣᠯᠣᠨ᠎ᠠ ᠃ ᠭᠠᠵᠠᠷ ᠣᠷᠣᠨ ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠨ ᠦᠵᠡᠭᠡᠷᠡᠢ ᠃

      ᠬᠤᠶᠠᠷ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ ᠪᠠᠭᠲᠠᠭᠠᠨ᠎ᠠ ︔ ᠠᠵᠢᠯᠯᠠᠬᠤ ᠴᠠᠭ ᠢ ᠤᠷᠲᠤᠳᠬᠠᠭᠰᠠᠨ ᠬᠤᠭᠤᠴᠠᠭᠠᠨ ᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠬᠤᠣᠷ ᠬᠥᠨᠥᠭᠡᠯ ᠲᠠᠢ ᠵᠡᠷᠭᠡ  ᠤᠨᠴᠠᠭᠠᠢ ᠨᠥᠬᠦᠴᠡᠯ ᠳᠣᠣᠷᠠᠬᠢ ᠨᠡᠮᠡᠯᠭᠡ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠬᠥᠳᠡᠯᠮᠦᠷᠢᠯᠡᠭᠴᠢ ᠶᠢᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠢ ᠃

      ᠭᠤᠷᠪᠠ᠂ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠬᠡᠪ ᠤᠨ ᠬᠥᠳᠡᠯᠮᠦᠷᠢ ᠬᠠᠩᠭᠠᠭᠰᠠᠨ ᠪᠠᠶᠢᠳᠠᠯ ᠳᠤ᠂ ᠬᠥᠮᠥᠨ ᠬᠡᠷᠡᠭᠯᠡᠬᠦ ᠨᠢᠭᠡᠴᠢ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠴᠠᠯᠢᠩ ᠥᠭᠬᠦ ᠬᠡᠷᠡᠭᠲᠡᠢ ︔ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠬᠢᠵᠦ ᠪᠠᠶᠢᠭ᠎ᠠ ᠬᠥᠳᠡᠯᠮᠦᠷᠢᠯᠡᠭᠴᠢ ᠳᠤ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ ᠵᠣᠭᠤᠰ ᠤᠨ ᠴᠠᠯᠢᠩ ᠨᠢ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ ᠦᠭᠡᠢ ᠃ ᠨᠢᠭᠡᠴᠢ ᠶᠢᠨ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠠᠰ ᠲᠤ ᠨᠢ ᠥᠭᠬᠦ ᠬᠡᠷᠡᠭᠲᠡᠢ ᠃

      ᠳᠥᠷᠪᠡ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ ᠤᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2021﹈ 69 ᠳ᠋ᠦ᠋ᠭᠡᠷ ᠲᠣᠭᠠᠲᠤ ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

      ᠲᠠᠪᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶  ᠨᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶᠠᠨ ᠤ ᠲᠤᠬᠠᠢ ᠤᠬᠠᠭᠤᠯᠭ᠎ᠠ ᠪᠠᠨ ᠴᠢᠩᠭᠠᠳᠬᠠᠨ᠂ ᠲᠤᠬᠠᠢ ᠶᠢᠨ ᠭᠠᠵᠠᠷ ᠤᠨ ᠢᠶᠠᠨ ᠭᠤᠣᠯ ᠪᠣᠯᠬᠤ ᠵᠠᠭᠤᠴᠢᠯᠠᠭᠤᠷ ᠳᠡᠭᠡᠷ᠎ᠡ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠨᠡᠶᠢᠲᠡᠯᠡᠵᠦ᠂ ᠬᠥᠮᠥᠨ ᠬᠡᠷᠡᠭᠯᠡᠬᠦ ᠨᠢᠭᠡᠴᠢ᠂ ᠬᠥᠳᠡᠯᠮᠦᠷᠢᠯᠡᠭᠴᠢ ᠪᠠ ᠣᠯᠠᠨ ᠨᠡᠶᠢᠲᠡ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠢᠶᠠᠷ ᠣᠶᠢᠯᠠᠭᠠᠭᠤᠯᠬᠤ ᠬᠡᠷᠡᠭᠲᠡᠢ ᠃ ᠬᠥᠮᠥᠨ ᠬᠡᠷᠡᠭᠯᠡᠬᠦ ᠨᠢᠭᠡᠴᠢ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠬᠠᠮᠤᠭ ᠤᠨ ᠳᠣᠣᠷ᠎ᠠ ᠴᠠᠯᠢᠩ ᠤᠨ ᠲᠣᠭᠲᠠᠭᠠᠯ ︾ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠃

      ᠳᠠᠭᠠᠯᠳᠤᠭᠤᠯᠤᠯ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠭᠠᠵᠠᠷ ᠣᠷᠣᠨ ᠤ ᠲᠥᠷᠥᠯ ᠢᠯᠭᠠᠯ ᠪᠠ ᠪᠠᠷᠢᠮᠵᠢᠶ᠎ᠠ ᠶᠢᠨ ᠬᠦᠰᠦᠨᠦᠭᠲᠦ

                                                                            2024ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ

 

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

1216内政办发46号附件_01.png 

1216内政办发46号附件_02.png

 

1216内政办发46号附件_03.png

        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

           2024 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ