|
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠡᠷᠭᠢᠯᠡᠭᠴᠢᠳ ᠤᠨ ᠬᠤᠷᠠᠯ ᠢ ᠡᠷᠭᠢᠯᠡᠨ ᠬᠤᠷᠠᠯᠳᠤᠭᠤᠯᠪᠠ |
|
|
ᠨᠡᠶᠢᠲᠡᠯᠡᠭᠰᠡᠨ ᠴᠠᠭ᠄
2024/12/17
|
|
12 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠡᠷᠭᠢᠯᠡᠭᠴᠢᠳ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠨᠣᠣᠷᠠᠭ᠂ 2025 ᠣᠨ ᠤ ᠠᠵᠢᠯ ᠤᠨ ᠭᠤᠣᠯᠳᠠᠯᠭ᠎ᠠ ᠶᠢᠨ ᠨᠣᠣᠷᠠᠭ᠂ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢᠨ ᠨᠣᠣᠷᠠᠭ ᠪᠣᠯᠣᠨ 2025 ᠣᠨ ᠤ ᠬᠠᠤᠯᠢ ᠲᠣᠭᠲᠠᠭᠠᠬᠤ ᠲᠥᠯᠥᠪᠯᠡᠭᠡ ︵ᠲᠥᠰᠥᠯ︶ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠬᠤᠷᠠᠯ ᠠᠴᠠ᠂ ᠵᠢᠯ ᠤᠨ ᠡᠬᠢᠨ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠤᠨ ᠲᠣᠭᠤᠷᠢᠨ ᠳᠤ ᠶᠡᠭᠡ ᠬᠡᠮᠵᠢᠶᠡᠨ ᠤ ᠥᠪᠡᠷᠮᠢᠴᠡ ᠣᠨᠴᠠᠯᠢᠭ ᠲᠠᠢ᠂ ᠪᠣᠳᠠᠲᠤ ᠦᠷ᠎ᠡ ᠪᠦᠲᠦᠮᠵᠢᠲᠡᠢ ᠠᠵᠢᠯ ᠬᠢᠵᠡᠢ᠃ ᠢᠯᠠᠩᠭᠤᠶ᠎ᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ 6 ᠵᠦᠢᠯ ᠤᠨ ᠠᠬᠢᠭᠤᠯᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠪᠠ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠬᠠᠤᠯᠢ ᠲᠣᠭᠲᠠᠭᠠᠵᠤ᠂ ᠠᠮᠵᠢᠯᠲᠠ ᠪᠦᠲᠦᠮᠵᠢ ᠢᠯᠡᠷᠬᠡᠢ ᠪᠠᠶᠢᠨ᠎ᠠ ᠭᠡᠵᠦ ᠵᠢᠭᠠᠵᠤ ᠭᠠᠷᠭᠠᠵᠠᠢ᠃ ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠪᠣᠯᠣᠨ ᠪᠦᠭᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠠᠯᠳᠤᠯ ᠤᠨ ᠴᠡᠭ᠂ ᠭᠠᠷᠳᠠᠬᠤ ᠴᠡᠭ ᠢ ᠣᠨᠣᠪᠴᠢᠲᠠᠶ ᠣᠯᠵᠤ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠲᠣᠭᠲᠠᠭᠠᠯ ᠢ ᠴᠢᠩᠳᠠᠯᠠᠨ ᠳᠦᠷᠢᠮ ᠲᠣᠭᠲᠠᠭᠠᠬᠤ︾ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠶᠢ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ᠂ ᠴᠢᠬᠤᠯᠠ ᠶᠡᠭᠡ ᠬᠡᠷᠡᠭ ᠶᠠᠪᠤᠳᠠᠯ ᠢ ᠲᠣᠭᠲᠠᠭᠠᠬᠤ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠳᠤ ᠪᠣᠳᠠᠲᠠᠢ ᠠᠭᠤᠰᠤᠯᠴᠠᠭᠤᠯᠵᠤ᠂ ᠭᠤᠣᠯ ᠰᠢᠵᠢᠮ ᠤᠨ ᠠᠵᠢᠯ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠤᠨᠢᠨ ᠳᠡᠭᠡᠷ᠎ᠡ ᠨᠢ ᠬᠦᠴᠦᠯᠡᠵᠦ᠂ ᠢᠷᠡᠬᠦ ᠵᠢᠯ ᠤᠨ ᠠᠵᠢᠯ ᠤᠨ ᠲᠥᠯᠥᠪᠯᠡᠭᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠬᠠᠤᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ ᠥᠭᠡᠷᠡᠴᠢᠯᠡᠯᠲᠡ ᠶᠢ ᠪᠠᠲᠤᠯᠠᠨ ᠠᠬᠢᠭᠤᠯᠵᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠥᠭᠡᠷᠡᠴᠢᠯᠡᠯᠲᠡ ᠳᠤ ᠨᠡᠩ ᠰᠠᠶᠢᠲᠤᠷ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠤ ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠷᠭ᠎ᠠ ᠮᠠᠶ᠋ᠢᠭ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ︽ᠵᠢᠵᠢᠭ ᠰᠠᠵᠢᠭ ᠵᠦᠢᠯ︾᠂ ︽ᠵᠢᠵᠢᠭ ᠲᠦᠷᠭᠡᠨ ᠠᠮᠢᠳᠤᠯᠢᠭ︾ ᠢᠶᠠᠷ ᠬᠠᠤᠯᠢ ᠲᠣᠭᠲᠠᠭᠠᠬᠤ ᠶᠢ ᠴᠢᠬᠤᠯᠠᠴᠢᠯᠠᠨ ᠴᠢᠩᠭᠠᠳᠬᠠᠵᠤ᠂ ᠶᠠᠰᠤ ᠴᠢᠨᠠᠷ ᠦᠷ᠎ᠡ ᠪᠦᠲᠦᠮᠵᠢ ᠲᠠᠢ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠨᠠᠩ ᠣᠯᠠᠨ ᠰᠦᠪᠡᠭᠴᠢᠯᠡᠨ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠢᠩᠭᠤᠵᠢᠭᠤᠯᠬᠤ ᠳᠤ ᠲᠥᠭᠦᠮ ᠦᠵᠡᠭᠦᠯᠭᠦ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠲᠠᠪᠴᠠᠩ ᠢ ᠢᠳᠡᠪᠬᠢᠲᠡᠢ ᠪᠠᠶᠢᠭᠤᠯᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|