|
︽ᠮᠧᠩ ᠺᠧ ᠵᠢᠤᠢ︾ ᠲᠠᠪᠴᠠᠩ ᠢᠶᠠᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 2000 ᠲᠦᠮᠡᠨ ᠲᠥᠭᠦᠷᠢᠭ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠠᠬᠢᠭᠤᠯᠪᠠ |
|
|
ᠨᠡᠶᠢᠲᠡᠯᠡᠭᠰᠡᠨ ᠴᠠᠭ᠄
2024/12/19
|
|
12 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠫᠷᠤᠹᠧᠰᠰᠤᠷ ᠤᠨ ᠪᠦᠯᠬᠦᠮ ᠬᠢᠭᠡᠳ ᠥᠪᠥᠷ ᠮᠣᠩᠭᠤᠯ ᠤᠨ ᠺᠧ ᠲᠦᠸᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ︽ᠮᠧᠩ ᠺᠧ ᠵᠢᠥᠢ︾ ᠲᠠᠪᠴᠠᠩ ᠢᠶᠠᠷ ᠳᠠᠮᠵᠢᠭᠤᠯᠤᠨ ︽ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠶᠢᠨ ᠮᠦᠭᠦ ᠶᠢᠨ ᠰᠠᠭᠤᠷᠢ ᠶᠢᠨ ᠥᠮᠴᠢᠯᠡᠬᠦ ᠡᠷᠬᠡ ᠵᠢᠴᠢ ᠮᠡᠳᠡᠯᠭᠡ ᠥᠮᠴᠢᠯᠡᠬᠦ ᠡᠷᠬᠡ ᠶᠢᠨ ᠤᠯᠠᠷᠢᠭᠤᠯᠬᠤ︾ ᠶᠢ ᠰᠢᠯᠵᠢᠭᠦᠯᠦᠨ ᠥᠭᠬᠦ ᠭᠡᠷ᠎ᠡ ᠲᠣᠭᠲᠠᠵᠤ᠂ 5 ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠲᠤᠰᠬᠠᠶ ᠠᠰᠢᠭ ᠤᠨ ᠡᠷᠬᠡ ᠪᠠᠨ ᠪᠦᠷᠢᠮᠦᠰᠦᠨ ᠰᠢᠯᠵᠢᠭᠦᠯᠦᠨ ᠦᠭᠭᠦᠭᠰᠡᠨ ᠢᠶᠠᠷ᠂ ᠭᠡᠷ᠎ᠡ ᠶᠢᠨ ᠮᠥᠩᠭᠦ ᠨᠢ 2000 ᠲᠦᠮᠡᠨ ᠲᠥᠭᠦᠷᠢᠭ ᠲᠤ ᠬᠦᠷᠴᠦ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠭᠰᠠᠨ ᠬᠠᠮᠤᠭ ᠤᠨ ᠶᠡᠭᠡ ᠦᠨ᠎ᠡ ᠦᠷᠳᠡᠭ ᠲᠠᠢ ᠭᠡᠷ᠎ᠡ ᠪᠣᠯᠪᠠ᠃ ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠶᠢ ᠰᠤᠳᠤᠯᠬᠤ ᠪᠠ ᠨᠡᠭᠡᠭᠡᠨ ᠬᠥᠭᠵᠢᠭᠦᠯᠬᠦ ᠪᠤᠯ ᠪᠦᠬᠦ ᠳᠡᠯᠡᠬᠡᠢ ᠶᠢᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠪᠠ ᠠᠵᠤ ᠦᠢᠯᠡᠰ ᠤᠨ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠲᠥᠪᠯᠡᠷᠡᠯ ᠴᠡᠭ ᠮᠥᠨ᠃ ᠲᠣᠰ ᠤᠳᠠᠭ᠎ᠠ ᠵᠠᠩ ᠾᠧ ᠫᠢᠩ ᠫᠷᠤᠹᠧᠰᠰᠤᠷ ᠤᠨ ᠪᠦᠯᠬᠦᠮ ᠤᠨ ᠰᠢᠯᠵᠢᠭᠦᠯᠦᠨ ᠥᠭᠭᠦᠭᠰᠡᠨ ᠠᠮᠢᠲᠠᠨ ᠤ ᠬᠤᠤᠰ ᠰᠠᠯᠠᠭᠠᠲᠦ ᠰᠠᠪᠬᠠᠨᠴᠢᠷ ᠪᠠᠺᠲ᠋ᠧᠷᠢ ᠶᠢᠨ ᠳᠡᠳ᠋ ᠲᠥᠷᠥᠯ Bbm — 19 ︵CGMCC No.25080︶ ᠵᠡᠷᠭᠡ 5 ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠪᠣᠯ ᠴᠥᠮ ᠴᠠᠭᠠᠨ ᠢᠳᠡᠭᠡᠨ ᠤ ᠠᠮᠢᠳᠤ ᠪᠣᠳᠠᠰ ᠤᠨ ᠮᠡᠷᠭᠡᠵᠢᠯ ᠪᠤᠯᠤᠨ ᠢᠨᠵᠧᠨᠧᠷᠢᠩ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠪᠠᠶᠢᠵᠤ᠂ ᠢᠳᠡᠭᠡᠨ ᠳᠤ ᠪᠠ ᠠᠮᠢᠲᠠᠨ ᠢ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ ᠲᠠᠷᠢᠮᠠᠯ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠪᠣᠯᠬᠤᠷ᠂ ᠥᠷᠭᠡᠨ ᠶᠡᠭᠡ ᠬᠥᠭᠵᠢᠯᠲᠡ ᠶᠢᠨ ᠢᠷᠡᠭᠡᠳᠦᠶ ᠲᠠᠢ ᠶᠤᠮ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|