ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 18 ᠤ ᠦᠳᠡ ᠶᠢᠨ ᠬᠤᠶᠢᠨ᠎ᠠ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃
12 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠨᠢᠰᠬᠡᠯ ᠤᠨ ᠦᠷᠦᠭᠡ ᠠᠴᠠ ᠭᠠᠷᠴᠤ᠂ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ
12 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠨᠢᠰᠬᠡᠯ ᠤᠨ ᠦᠷᠦᠭᠡ ᠠᠴᠠ ᠭᠠᠷᠴᠤ᠂ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
16 ᠴᠠᠭ ᠤᠨ ᠦᠶ᠎ᠡ ᠪᠠᠷ ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠣᠣᠮᠧᠨ ᠤ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠠᠯᠭᠤᠷᠬᠠᠨ ᠪᠠᠭᠤᠪᠠ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠨᠢᠰᠬᠡᠯ ᠤᠨ ᠦᠷᠦᠭᠡ ᠠᠴᠠ ᠭᠠᠷᠴᠤ᠂ ᠤᠭᠲᠤᠬᠤ ᠪᠠᠷ ᠢᠷᠡᠭᠰᠡᠨ ᠬᠥᠮᠥᠰ ᠤᠨ ᠵᠦᠭ ᠭᠠᠷ ᠳᠠᠯᠠᠯᠤᠨ ᠮᠡᠨᠳᠦᠴᠢᠯᠡᠪᠡ᠃ ᠣᠣᠮᠧᠨ ᠤ ᠴᠠᠭᠳᠠᠭᠠᠨ ᠤ ᠬᠥᠭᠵᠢᠮ ᠤᠨ ᠠᠩᠭᠢ ᠭᠦᠷ ᠬᠥᠭᠵᠢᠶᠡᠨᠲᠦ ᠤᠭᠲᠤᠯᠭ᠎ᠠ ᠶᠢᠨ ᠠᠶ᠎ᠠ ᠶᠢ ᠬᠥᠭᠵᠢᠮᠳᠡᠵᠦ᠂ ᠯᠤᠤᠲᠤ ᠪᠥᠵᠢᠭ ᠠᠷᠰᠯᠠᠨᠲᠤ ᠪᠥᠵᠢᠭ ᠢ ᠪᠠᠶᠠᠷ ᠭᠦᠷ ᠲᠠᠢ ᠪᠥᠵᠢᠭᠯᠡᠪᠡ᠃ ᠨᠢᠰᠬᠡᠯ ᠤᠨ ᠱᠠᠲᠤᠨ ᠤ ᠬᠠᠵᠠᠭᠤ ᠳᠤ ᠬᠤᠶᠠᠷ ᠬᠡᠦᠬᠡᠳ ᠰᠢ ᠶᠢᠨ ᠫᠢᠩ ᠪᠣᠯᠣᠨ ᠫᠧᠩ ᠯᠢ ᠶᠤᠸᠠᠨ ᠳᠤ ᠰᠣᠷᠭᠤᠭ ᠴᠡᠴᠡᠭ ᠬᠦᠷᠭᠡᠪᠡ᠃ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠪᠣᠯᠣᠨ ᠲᠡᠭᠦᠨ ᠤ ᠬᠠᠳᠤᠨ ᠵᠧᠩ ᠰᠦ᠋ ᠵᠧᠨ ᠤ ᠪᠠᠷ᠎ᠠ ᠪᠤᠯᠤᠯᠭ᠎ᠠ ᠲᠠᠢ ᠪᠠᠷ ᠰᠢ ᠶᠢᠨ ᠫᠢᠩ ᠪᠣᠯᠣᠨ ᠫᠧᠩ ᠯᠢ ᠶᠤᠸᠠᠨ ᠤᠭᠲᠤᠬᠤ ᠪᠠᠷ ᠢᠷᠡᠭᠰᠡᠨ ᠬᠥᠮᠥᠰ ᠲᠠᠢ ᠳᠣᠲᠣᠨᠣ ᠪᠠᠷ ᠭᠠᠷ ᠠᠳᠬᠤᠪᠠ᠃ ᠣᠣᠮᠧᠨ ᠤ ᠬᠡᠳᠦᠨ ᠵᠠᠭᠤᠨ ᠵᠠᠯᠠᠭᠤᠴᠤᠳ ᠪᠠᠭᠠᠴᠤᠳ ᠪᠣᠯᠣᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠤᠯᠤᠰ ᠤᠨ ᠲᠤᠭ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠭ ᠪᠣᠯᠣᠨ ᠰᠣᠷᠭᠤᠭ ᠴᠡᠴᠡᠭ ᠬᠤᠷᠤᠶᠢᠯᠠᠵᠤ᠂ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃
12 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠤᠭᠲᠤᠬᠤ ᠪᠠᠷ ᠢᠷᠡᠭᠰᠡᠨ ᠬᠥᠮᠥᠰ ᠲᠠᠢ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
12 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠤᠭᠲᠤᠬᠤ ᠪᠠᠷ ᠢᠷᠡᠭᠰᠡᠨ ᠬᠥᠮᠥᠰ ᠲᠠᠢ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ
ᠰᠢ ᠶᠢᠨ ᠫᠢᠩ ᠤᠨ ᠡᠨᠡ ᠤᠳᠠᠭ᠎ᠠ ᠶᠢᠨ ᠣᠣᠮᠧᠨ ᠳᠠᠬᠢ ᠠᠶᠢᠯᠴᠢᠯᠠᠯᠳᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠨᠢᠰᠬᠡᠯ ᠤᠨ ᠪᠠᠭᠤᠳᠠᠯ ᠳᠤ ᠬᠦᠯᠢᠶᠡᠵᠦ ᠪᠠᠶᠢᠯ᠎ᠠ᠃ ᠰᠢ ᠶᠢᠨ ᠫᠢᠩ ᠰᠣᠷᠪᠤᠯᠵᠢᠯᠠᠭ᠎ᠠ ᠶᠢᠨ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠠᠢ ᠳᠤ ᠪᠠᠶᠢᠭ᠎ᠠ ᠰᠤᠷᠪᠤᠯᠵᠢᠯᠠᠬᠴᠢᠳ ᠲᠠᠢ ᠮᠡᠨᠳᠦᠴᠢᠯᠡᠪᠡ᠃ ᠲᠡᠷᠡ᠂ ᠦᠵᠡᠰᠬᠦᠯᠡᠩᠲᠦ ᠰᠠᠶᠢᠬᠠᠨ ᠣᠣᠮᠧᠨ ᠳᠤ ᠢᠷᠡᠬᠦ ᠪᠣᠯᠭᠠᠨ ᠮᠠᠰᠢ ᠪᠠᠶᠠᠷᠲᠠᠢ ᠪᠠᠶᠢᠳᠠᠭ᠃ ᠡᠨᠡ ᠤᠳᠠᠭ᠎ᠠ ᠪᠣᠯ ᠠᠬ᠎ᠠ ᠳᠡᠭᠦᠦ ᠨᠠᠷ ᠲᠠᠢ ᠬᠠᠮᠲᠤ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠵᠦ᠂ ᠣᠣᠮᠧᠨ ᠤ ᠡᠨᠡ ᠬᠡᠳᠦᠨ ᠵᠢᠯ ᠤᠨ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠦᠵᠡᠬᠦ ᠪᠠᠷ ᠢᠷᠡᠭᠰᠡᠨ ᠶᠤᠮ ᠭᠡᠵᠦ ᠢᠯᠡᠳᠬᠡᠪᠡ᠃ ᠲᠡᠷᠡ ᠲᠥᠪ ᠵᠠᠰᠠᠭ ᠤᠨ ᠣᠷᠳᠣᠨ ᠪᠣᠯᠣᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠮᠦᠨ᠎ᠡ ᠠᠴᠠ ᠣᠣᠮᠧᠨ ᠤ ᠪᠦᠭᠦ ᠰᠠᠭᠤᠭᠠᠯᠢ ᠠᠷᠠᠳ ᠲᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃
12 ᠰᠠᠷ᠎ᠠ ᠶᠢᠨ 18 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠣᠣᠮᠧᠨ ᠳᠤ ᠬᠦᠷᠴᠦ᠂ 20 ᠤ ᠡᠳᠦᠷ ᠶᠠᠪᠤᠭᠳᠠᠬᠤ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠨ᠎ᠠ᠃ ᠵᠢᠷᠤᠭ ᠪᠣᠯ ᠰᠢ ᠶᠢᠨ ᠫᠢᠩ ᠨᠢᠰᠬᠡᠯ ᠤᠨ ᠪᠠᠭᠤᠳᠠᠯ ᠳᠤ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ
ᠰᠢ ᠶᠢᠨ ᠫᠢᠩ᠂ 25 ᠵᠢᠯ ᠤᠨ ᠲᠤᠷᠰᠢ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠠᠮᠵᠢᠯᠲᠠ ᠣᠯᠵᠤ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃ ᠤᠯᠤᠰ ᠣᠷᠣᠨ ᠤ ᠬᠥᠭᠵᠢᠯᠲᠡ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠰᠦᠷ ᠬᠦᠴᠦᠨ ᠬᠤᠷᠢᠭᠯᠠᠭᠳᠠᠰᠢ ᠦᠭᠡᠢ ᠪᠣᠯᠵᠤ᠂ ᠣᠣᠮᠧᠨ ᠤ ᠬᠥᠭᠵᠢᠯᠲᠡ ᠬᠤᠯᠠ ᠣᠶᠢᠷ᠎ᠠ ᠳᠠᠭᠠᠨ ᠠᠯᠳᠠᠷᠰᠢᠭᠰᠠᠨ ᠠᠮᠵᠢᠯᠲᠠ ᠣᠯᠵᠤ᠂ ᠠᠯᠤᠰ ᠢᠷᠡᠭᠡᠳᠦᠢ ᠬᠦᠰᠡᠨ ᠬᠦᠯᠢᠶᠡᠭᠦᠰᠢᠲᠡᠢ ᠪᠣᠯᠵᠤ ᠪᠠᠶᠢᠨ᠎ᠠ᠃ ᠡᠨᠡ ᠪᠣᠯ ᠣᠣᠮᠧᠨ ᠤ ᠰᠠᠭᠤᠭᠠᠯᠢ ᠠᠷᠠᠳ ᠤᠨ ᠢᠷᠠᠭᠤ ᠠᠯᠳᠠᠷ ᠮᠥᠨ᠂ ᠪᠠᠰᠠ ᠴᠤ ᠪᠦᠭᠦ ᠤᠯᠤᠰ ᠤᠨ ᠠᠷᠠᠳ ᠲᠦᠮᠡᠨ ᠤ ᠣᠮᠣᠭᠰᠢᠯ ᠮᠥᠨ᠃ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠣᠷᠢᠭᠲᠠᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠯᠡ ᠶᠤᠮ ᠪᠣᠯ ᠣᠣᠮᠧᠨ ᠯᠠᠪᠲᠠᠢ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠪᠦᠲᠦᠭᠡᠵᠦ ᠴᠢᠳᠠᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠣᠣᠮᠧᠨ ᠪᠣᠯ ᠡᠬᠡ ᠤᠯᠤᠰ ᠤᠨ ᠠᠯᠠᠭᠠᠨ ᠳᠡᠭᠡᠷᠡᠬᠢ ᠬᠡᠷᠡᠯᠳᠦ ᠰᠤᠪᠤᠳ ᠮᠥᠨ᠂ ᠪᠢ ᠠᠳᠡᠬᠢ ᠬᠥᠭᠵᠢᠯᠲᠡ ᠪᠣᠯᠣᠨ ᠪᠦᠭᠦ ᠰᠠᠭᠤᠭᠠᠯᠢ ᠠᠷᠠᠳ ᠤᠨ ᠠᠵᠠ ᠵᠢᠷᠭᠠᠯ ᠢ ᠢᠮᠠᠭᠲᠠ ᠰᠠᠨᠠᠭᠠᠯᠵᠠᠭᠰᠠᠭᠠᠷ ᠢᠷᠡᠵᠠᠢ᠃ ᠲᠠᠷᠠᠭᠠᠴᠢ ᠶᠢᠨ ᠬᠡᠳᠦᠨ ᠡᠳᠦᠷ ᠲᠤ ᠪᠢ ᠲᠣᠭᠤᠷᠢᠨ ᠦᠵᠡᠵᠦ᠂ ᠡᠯ᠎ᠡ ᠡᠲᠡᠭᠡᠳ ᠤᠨ ᠨᠠᠶᠢᠵᠠ ᠨᠠᠷ ᠲᠠᠢ ᠰᠠᠨᠠᠯ ᠢᠶᠠᠨ ᠥᠷᠭᠡᠨ ᠭᠦᠨᠵᠡᠭᠡᠢ ᠰᠣᠯᠢᠯᠴᠠᠵᠤ᠂ ᠣᠣᠮᠧᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠬᠦ ᠪᠣᠯᠣᠨ᠎ᠠ ᠭᠡᠵᠦ ᠴᠢᠬᠤᠯᠠᠴᠢᠯᠠᠪᠠ᠃
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠳ᠋ᠦᠩ ᠹᠧᠩ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠶᠠᠩᠭᠠᠩ ᠣᠣᠮᠧᠨ ᠤ ᠠᠵᠢᠯ ᠤᠨ ᠠᠯᠪᠠᠨ ᠭᠡᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠶᠠᠩᠭᠠᠩ ᠣᠣᠮᠧᠨ ᠤ ᠬᠡᠷᠡᠭ ᠡᠷᠭᠢᠯᠡᠭᠦ ᠠᠯᠪᠠᠨ ᠭᠡᠷ ᠤᠨ ᠡᠷᠭᠢᠯᠡᠭᠴᠢ ᠰᠢᠶᠠ ᠪᠦᠦ ᠯᠦᠩ ᠤᠷᠢᠳᠴᠢᠯᠠᠨ ᠬᠦᠷᠴᠦ ᠢᠷᠡᠭᠰᠡᠨ ᠪᠥᠭᠡᠳ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠼᠧᠨ ᠬᠤᠤ ᠬᠤᠢ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠳᠤ ᠶᠢᠨ ᠵᠠᠰᠠᠭ ᠵᠠᠬᠢᠷᠭ᠎ᠠ᠂ ᠬᠠᠤᠯᠢ ᠲᠣᠭᠲᠠᠭᠠᠬᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠠᠷ ᠨᠢᠰᠬᠡᠯ ᠤᠨ ᠪᠠᠭᠤᠳᠠᠯ ᠳᠤ ᠬᠦᠷᠴᠦ ᠤᠭᠲᠤᠪᠠ᠃
ᠣᠣᠮᠧᠨ ᠳᠤ ᠰᠠᠭᠤᠭ᠎ᠠ ᠲᠥᠪ ᠤᠨ ᠵᠠᠰᠠᠭ ᠤᠨ ᠣᠷᠳᠣᠨ ᠤ ᠬᠤᠯᠪᠤᠭ᠎ᠠ ᠠᠪᠬᠤ ᠠᠯᠪᠠᠨ ᠭᠡᠷ ᠤᠨ ᠡᠷᠭᠢᠯᠡᠭᠴᠢ ᠵᠧᠩ ᠰᠢᠨ ᠼᠦᠩ᠂ ᠣᠣᠮᠧᠨ ᠳᠤ ᠰᠠᠭᠤᠭ᠎ᠠ ᠭᠠᠳᠠᠭᠠᠳᠤ ᠶᠠᠪᠤᠳᠠᠯ ᠤᠨ ᠶᠠᠮᠤᠨ ᠤ ᠣᠨᠴᠠ ᠲᠣᠮᠢᠯᠠᠭᠰᠠᠨ ᠲᠤᠰᠢᠶᠠᠯᠲᠠᠨ ᠤ ᠵᠠᠬᠢᠷᠭ᠎ᠠ ᠶᠢᠨ ᠣᠨᠴᠠ ᠲᠣᠮᠢᠯᠠᠭᠰᠠᠨ ᠲᠤᠰᠢᠶᠠᠯᠲᠠᠨ ᠯᠢᠦ ᠰᠢᠶᠠᠨ ᠹᠠ᠂ ᠣᠣᠮᠧᠨ ᠳᠤ ᠰᠠᠭᠤᠭ᠎ᠠ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠺᠣᠮᠠᠨᠳ᠋ᠯᠠᠭᠴᠢ ᠢᠦᠢ ᠴᠠᠩ ᠵᠢᠶᠠᠩ᠂ ᠺᠣᠮᠢᠰᠰᠠᠷ ᠯᠢᠨ ᠴᠢᠩ ᠬᠤᠸᠠ ᠨᠠᠷ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃