ᠢᠷᠡᠬᠦ ᠵᠢᠯ ᠤᠨ ᠠᠵᠤ ᠠᠬᠤᠢ ᠶᠢᠨ ᠠᠵᠢᠯ ᠢ ᠶᠠᠭᠠᠬᠢᠵᠤ ᠬᠢᠬᠦ ᠪᠤᠢ︖
ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠠᠷᠪᠠᠨ ᠴᠢᠬᠤᠯᠠ ᠳᠤᠷᠠᠳᠤᠯᠭ᠎ᠠ ᠶᠢ ᠣᠶᠢᠯᠠᠭᠠᠵᠠᠭᠠᠶ᠎ᠠ
ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢ 12 ᠳ᠋ᠤᠭᠠᠷ ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠭᠤᠯᠪᠠ᠃ ᠬᠤᠷᠠᠯ ᠢᠶᠠᠷ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠵᠦ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃
ᠬᠤᠷᠠᠯ ᠳᠤ ᠶᠠᠮᠠᠷ ᠶᠠᠮᠠᠷ ᠴᠢᠬᠤᠯᠠ ᠳᠤᠷᠠᠳᠤᠯᠭ᠎ᠠ ᠳᠤᠷᠠᠳᠪᠠ︖ ᠶᠠᠮᠠᠷ ᠶᠠᠮᠠᠷ ᠳᠣᠬᠢᠶ᠎ᠠ ᠶᠢ ᠳᠠᠮᠵᠢᠭᠤᠯᠪᠠ︖
ᠳᠤᠷᠠᠳᠤᠯᠭ᠎ᠠ 1
︽ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ︾
ᠬᠤᠷᠠᠯ ᠢᠶᠠᠷ ᠵᠢᠭᠠᠨ ᠭᠠᠷᠭᠠᠭᠰᠠᠨ ᠨᠢ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠬᠦᠨᠵᠡᠭᠡᠶᠢᠷᠡᠭᠦᠯᠦᠭᠰᠡᠭᠡᠷ ᠪᠠᠶᠢᠨ᠎ᠠ᠃
ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ
︽ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠠ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾
︽ᠡᠷᠬᠡᠪᠰᠢ ᠶᠡᠷᠦᠩᠬᠡᠢ ᠬᠠᠩᠭᠠᠯᠭ᠎ᠠ ᠪᠠ ᠶᠡᠷᠦᠩᠬᠡᠢ ᠬᠡᠷᠡᠭᠴᠡᠭᠡᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾
︽ᠡᠷᠬᠡᠪᠰᠢ ᠰᠢᠨ᠎ᠡ ᠬᠥᠳᠡᠯᠭᠡᠭᠴᠢ ᠬᠦᠴᠦᠨ ᠢ ᠪᠣᠶᠢᠵᠢᠭᠤᠯᠬᠤ ᠪᠠ ᠬᠠᠭᠤᠴᠢᠨ ᠬᠥᠳᠡᠯᠭᠡᠭᠴᠢ ᠬᠦᠴᠦᠨ ᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾
︽ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠭᠦᠢᠯᠭᠡᠭᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾
︽ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ︾
ᠳᠤᠷᠠᠳᠤᠯᠭ᠎ᠠ ᠶᠢᠨ ᠲᠠᠶᠢᠯᠤᠮᠵᠢ
ᠡᠳᠡᠭᠡᠷ ᠴᠢᠬᠤᠯᠠ ᠥᠭᠦᠯᠡᠯᠲᠡ ᠨᠢ ᠰᠢ ᠶᠢᠨ ᠫᠢᠩ ᠤᠨ ᠠᠵᠤ ᠠᠬᠤᠢ ᠶᠢᠨ ᠲᠤᠬᠠᠢ ᠦᠵᠡᠯ ᠰᠠᠨᠠᠭ᠎ᠠ ᠶᠢ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠦ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠨ᠂ ᠴᠢᠷᠮᠠᠶᠢᠨ ᠬᠢᠬᠦ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ᠃
ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠢ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠭᠦᠸᠧ ᠯᠢ ᠶᠠᠨ ᠢᠯᠡᠷᠬᠡᠶᠢᠯᠡᠬᠦ ᠳᠤ ᠪᠠᠨ᠄ ︽ᠡᠳᠡᠭᠡᠷ ᠵᠢᠮ᠎ᠡ ᠶᠣᠰᠣᠴᠢ ᠴᠢᠨᠠᠷᠲᠠᠢ ᠲᠠᠨᠢᠯᠲᠠ ᠨᠢ ᠣᠳᠣᠬᠠᠨ ᠤ ᠬᠦᠴᠢᠷᠳᠡᠯ ᠪᠠ ᠰᠢᠯᠭᠠᠯᠲᠠ ᠶᠢ ᠠᠷᠭᠠᠴᠠᠭᠠᠬᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠬᠦ ᠴᠢᠬᠤᠯᠠ ᠬᠦᠴᠦᠯᠡᠬᠦ ᠴᠡᠭ ᠪᠣᠯᠣᠨ᠎ᠠ᠂ ᠮᠥᠨ ᠴᠤ ᠠᠵᠤ ᠠᠬᠤᠢ ᠶᠢᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢᠨ ᠤᠨᠤᠯ ᠪᠣᠯᠣᠨ᠎ᠠ︾ ᠭᠡᠵᠡᠢ᠃
ᠳᠤᠷᠠᠳᠤᠯᠭ᠎ᠠ 2
︽ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠎ᠠ︾
ᠬᠤᠷᠠᠯ ᠢᠶᠠᠷ ᠵᠢᠭᠠᠨ ᠭᠠᠷᠭᠠᠭᠰᠠᠨ ᠨᠢ᠂ ᠢᠷᠡᠬᠦ ᠵᠢᠯ ᠳᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠨ᠂ ᠠᠵᠢᠯ ᠣᠯᠭᠤᠯᠲᠠ ᠪᠠ ᠪᠠᠷᠠᠭᠠᠨ ᠤ ᠦᠨ᠎ᠡ ᠶᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠣᠯᠠᠨ ᠤᠯᠤᠰ ᠤᠳ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠤ ᠨᠢ ᠲᠡᠩᠴᠡᠭᠦᠷᠢᠲᠡᠢ ᠪᠠᠶᠢᠯᠭᠠᠨ᠂ ᠰᠠᠭᠤᠭᠠᠯᠢ ᠠᠷᠠᠳ ᠤᠨ ᠣᠷᠣᠯᠭ᠎ᠠ ᠬᠢᠭᠡᠳ ᠠᠵᠤ ᠠᠬᠤᠢ ᠶᠢᠨ ᠵᠡᠷᠭᠡ ᠳᠤ ᠨᠡᠮᠡᠭᠳᠡᠬᠦ ᠶᠢ ᠠᠬᠢᠭᠤᠯᠤᠨ᠎ᠠ᠃
ᠳᠤᠷᠠᠳᠤᠯᠭ᠎ᠠ ᠶᠢᠨ ᠲᠠᠶᠢᠯᠤᠮᠵᠢ
ᠡᠮᠦᠨᠡᠲᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠶᠢᠨ ᠯᠢ ᠢᠯᠡᠷᠬᠡᠶᠢᠯᠡᠬᠦ ᠳᠤ ᠪᠠᠨ᠂ ᠬᠤᠷᠠᠯ ᠢᠶᠠᠷ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠴᠢᠩᠭ᠎ᠠ ᠲᠣᠳᠣ ᠳᠣᠬᠢᠶ᠎ᠠ ᠥᠭᠴᠡᠢ᠂ ᠡᠨᠡ ᠨᠢ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠵᠢᠱᠢᠯᠲᠡ ᠶᠢ ᠴᠢᠨᠠᠭᠰᠢᠳᠠ ᠲᠣᠭᠲᠠᠪᠤᠷᠢᠵᠢᠭᠤᠯᠵᠤ᠂ ᠨᠡᠶᠢᠭᠡᠮ ᠤᠨ ᠬᠢᠨ ᠤ ᠢᠲᠡᠭᠡᠯ ᠵᠣᠷᠢᠭ ᠢ ᠪᠦᠲᠦᠮᠵᠢᠲᠡᠶ ᠪᠠᠷ ᠬᠥᠪᠴᠢᠯᠡᠬᠦ ᠳᠤ ᠠᠰᠢᠭᠲᠠᠢ ᠶᠤᠮ᠃ ᠡᠭᠦᠨ ᠤ ᠬᠠᠮᠲᠤ᠂ ᠵᠢᠱᠢᠭᠰᠡᠨ ᠬᠠᠷᠠᠯᠲᠠ ᠳᠤ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠪᠡ᠂ ᠡᠨᠡ ᠨᠢ ᠡᠯ᠎ᠡ ᠭᠠᠵᠠᠷ ᠤᠨ ᠢᠷᠡᠬᠦ ᠵᠢᠯ ᠳᠤ ᠠᠵᠤ ᠠᠬᠤᠢ ᠶᠢᠨ ᠠᠵᠢᠯ ᠢᠶᠠᠨ ᠰᠠᠶᠢᠲᠤᠷ ᠬᠢᠬᠦ ᠳᠤ ᠨᠢ ᠴᠢᠬᠤᠯᠠ ᠪᠦᠬᠦᠢ ᠴᠢᠭᠯᠡᠯ ᠢ ᠵᠢᠭᠠᠨ ᠥᠭᠭᠦᠭᠰᠡᠨ ᠮᠥᠷᠲᠡᠭᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠨᠡᠩ ᠰᠠᠶᠢᠲᠤᠷ ᠨᠢᠭᠲᠠᠷᠠᠭᠤᠯᠬᠤ ᠳᠤ ᠠᠰᠢᠭᠲᠠᠢ ᠶᠤᠮ ᠭᠡᠵᠡᠢ᠃
ᠳᠤᠷᠠᠳᠤᠯᠭ᠎ᠠ 3
︽ᠨᠡᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ︾
ᠬᠤᠷᠠᠯ ᠢᠶᠠᠷ ᠱᠠᠭᠠᠷᠳᠠᠭᠰᠠᠨ ᠨᠢ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃
ᠡᠳ᠋ ᠤᠨ ᠵᠠᠰᠠᠭ ᠤᠨ ᠤᠯᠠᠭᠠᠨ ᠲᠣᠭᠠᠨ ᠤ ᠨᠣᠷᠮ᠎ᠠ ᠶᠢ ᠳᠡᠭᠡᠭᠰᠢᠯᠡᠭᠦᠯᠦᠨ᠎ᠡ︔
ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠲᠤᠯᠠᠭ᠎ᠠ ᠶᠢ ᠴᠢᠩᠭᠠᠳᠬᠠᠨ᠎ᠠ︔
ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ ᠬᠠᠷᠠᠯᠲᠠᠲᠤ ᠵᠢᠭᠡᠯᠡᠯᠭᠡ ᠶᠢ ᠨᠡᠮᠡᠨ ᠲᠠᠷᠬᠠᠭᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠭᠦᠯᠬᠦ ᠶᠢ ᠨᠡᠮᠡᠭᠳᠡᠭᠦᠯᠦᠨ᠎ᠡ︔
ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠨᠥᠭᠡᠴᠡ ᠬᠦᠴᠦᠨ ᠢᠶᠠᠨ ᠴᠢᠩᠭᠠᠷᠠᠭᠤᠯᠬᠤ ᠶᠢ ᠨᠠᠩ ᠴᠢᠬᠤᠯᠠᠴᠢᠯᠠᠨ᠎ᠠ ᠁
ᠳᠤᠷᠠᠳᠤᠯᠭ᠎ᠠ ᠶᠢᠨ ᠲᠠᠶᠢᠯᠤᠮᠵᠢ
ᠳᠤᠮᠳᠠᠳᠤ ᠤᠯᠤᠰ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠱᠢ ᠶᠢᠩ ᠬᠤᠸᠠ ᠢᠯᠡᠷᠬᠡᠶᠢᠯᠡᠬᠦ ᠳᠤ ᠪᠠᠨ᠂ ︽ᠡᠳ᠋ ᠤᠨ ᠵᠠᠰᠠᠭ ᠤᠨ ᠨᠠᠩ ᠢᠳᠡᠪᠬᠢᠲᠡᠢ ᠲᠥᠷᠥ ᠶᠢᠨ ᠪᠣᠳᠣᠯᠭ᠎ᠠ︾ ᠨᠢ ᠢᠷᠡᠬᠦ ᠵᠢᠯ ᠳᠤ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠬᠦ᠂ ᠨᠠᠩ ᠬᠦᠴᠦᠲᠡᠢ ᠪᠠᠶᠢᠯᠭᠠᠬᠤ ᠴᠢᠩᠭ᠎ᠠ ᠲᠣᠳᠣ ᠳᠣᠬᠢᠶ᠎ᠠ ᠥᠭᠴᠡᠢ᠃ ᠬᠤᠷᠠᠯ ᠢᠶᠠᠷ ᠡᠳ᠋ ᠤᠨ ᠵᠠᠰᠠᠭ ᠤᠨ ᠤᠯᠠᠭᠠᠨ ᠲᠤᠭ᠎ᠠ᠂ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠬᠡᠳᠦ ᠤᠷᠲᠤ ᠬᠤᠭᠤᠴᠠᠭᠠᠲᠤ ᠣᠨᠴᠠᠭᠠᠶ ᠵᠢᠭᠡᠯᠡᠯᠭᠡ᠂ ᠲᠤᠰᠬᠠᠢ ᠵᠢᠭᠡᠯᠡᠯᠭᠡ ᠵᠡᠷᠭᠡ ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠲᠣᠭᠤᠷᠢᠨ ᠳᠤ ᠢᠳᠡᠪᠬᠢᠲᠡᠢ ᠪᠠᠶᠢᠷᠢᠯᠠᠭᠤᠯᠤᠯᠲᠠ ᠬᠢᠭᠰᠡᠨ ᠪᠣᠯᠬᠤᠷ ᠥᠭᠰᠥᠬᠦ ᠦᠶᠡᠯᠡᠯ ᠤᠨ ᠲᠣᠬᠢᠷᠠᠭᠤᠯᠭ᠎ᠠ ᠶᠢᠨ ᠡᠷᠴᠢᠮ ᠢ ᠴᠢᠨᠠᠭᠰᠢᠳᠠ ᠴᠢᠩᠭᠠᠳᠬᠠᠵᠤ᠂ ᠭᠠᠳᠠᠭᠠᠳᠤ ᠲᠠᠯ᠎ᠠ ᠶᠢᠨ ᠲᠣᠭᠲᠠᠪᠤᠷᠢ ᠦᠭᠡᠢ ᠴᠢᠨᠠᠷ ᠲᠤ ᠢᠳᠡᠪᠬᠢᠲᠡᠢ ᠬᠠᠨᠳᠤᠨ᠂ ᠢᠷᠡᠬᠦ ᠵᠢᠯ ᠤᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ᠂ ᠦᠷᠭᠦᠯᠵᠢᠯᠡᠨ ᠰᠠᠶᠢᠵᠢᠷᠠᠬᠤ ᠳᠤ ᠲᠤᠯᠭᠠᠭᠤᠷᠢᠯᠠᠯ ᠬᠠᠩᠭᠠᠬᠤ ᠪᠣᠯᠣᠨ᠎ᠠ ᠭᠡᠪᠡ᠃
ᠳᠤᠷᠠᠳᠤᠯᠭ᠎ᠠ 4
︽ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ︾
ᠬᠤᠷᠠᠯ ᠢᠶᠠᠷ ᠳᠤᠷᠠᠳᠤᠭᠰᠠᠨ ᠨᠢ᠂ ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠳᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠨᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠪᠠ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠵᠣᠬᠢᠰᠲᠠᠢ ᠴᠠᠭ ᠲᠤ ᠨᠢ ᠪᠠᠭᠤᠷᠠᠭᠤᠯᠤᠨ᠂ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠳᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶᠡᠨ ᠤ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠳᠣᠬᠢᠷᠠᠭᠤᠯᠤᠨ᠎ᠠ᠃
ᠳᠤᠷᠠᠳᠤᠯᠭ᠎ᠠ ᠶᠢᠨ ᠲᠠᠶᠢᠯᠤᠮᠵᠢ
ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠤᠷᠭᠠᠨ ᠤ ᠳᠠᠷᠤᠭ᠎ᠠ ᠽᠧᠦ ᠯᠠᠨ ᠢᠯᠡᠷᠬᠡᠶᠢᠯᠡᠬᠦ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠤ ᠬᠤᠪᠢᠷᠠᠯᠲᠠ ᠠᠴᠠ ᠡᠭᠦᠰᠦᠭᠰᠡᠨ ᠠᠰᠢᠭ ᠦᠭᠡᠢ ᠨᠥᠯᠥᠭᠡ ᠶᠡᠬᠡᠰᠬᠦ ᠶᠢ ᠳᠠᠭᠠᠯᠳᠤᠨ ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠮᠥᠨ ᠬᠦ ᠪᠠᠭ᠎ᠠ ᠪᠤᠰᠤ ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠂ ᠵᠣᠬᠢᠰᠲᠠᠢ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠬᠠᠨᠳᠤᠰᠢ ᠨᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠠᠷᠭᠠᠴᠠᠭᠠᠬᠤ ᠴᠢᠳᠠᠪᠤᠷᠢ ᠪᠠ ᠣᠷᠣᠨ ᠵᠠᠢ ᠶᠢ ᠳᠡᠭᠡᠭᠰᠢᠯᠡᠭᠦᠯᠵᠦ ᠨᠡᠮᠡᠭᠳᠡᠭᠦᠯᠵᠡᠢ ᠃ ᠢᠷᠡᠬᠦ ᠵᠢᠯ ᠤᠨ ᠵᠣᠭᠤᠰᠤᠨ ᠤ ᠲᠦᠷᠦ ᠶᠢᠨ ᠪᠣᠳᠣᠯᠭ᠎ᠠ ᠨᠢ ᠪᠣᠳᠠᠲᠤ ᠴᠣᠭᠴᠠ ᠶᠢᠨ ᠠᠵᠤ ᠠᠬᠤᠢ ᠶᠢ ᠨᠡᠯᠢᠶᠡᠳ ᠴᠢᠩᠭ᠎ᠠ ᠳᠡᠮᠵᠢᠬᠦ ᠡᠷᠴᠢᠮ ᠢᠶᠠᠨ ᠪᠠᠲᠤᠯᠠᠵᠤ᠂ ᠦᠨ᠎ᠡ ᠬᠠᠩᠰᠢ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠶᠡᠷᠦᠩᠬᠡᠢ ᠬᠡᠮᠵᠢᠶᠡᠨ ᠤ ᠲᠠᠯ᠎ᠠ ᠪᠠᠷ ᠦᠷᠭᠦᠯᠵᠢᠯᠡᠨ ᠢᠳᠡᠯᠡᠵᠦ᠂ ᠪᠦᠲᠦᠴᠡ ᠶᠢᠨ ᠲᠠᠯ᠎ᠠ ᠪᠠᠷ ᠬᠦᠴᠦ ᠪᠠᠨ ᠲᠥᠪᠯᠡᠷᠡᠭᠦᠯᠦᠨ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠬᠤ ᠪᠣᠯᠣᠨ᠎ᠠ ᠭᠡᠵᠡᠢ᠃
ᠳᠤᠷᠠᠳᠤᠯᠭ᠎ᠠ 5
︽ᠤᠯᠤᠰ ᠤᠨ ᠳᠣᠲᠤᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠦᠷᠭᠡᠳᠭᠡᠨ᠎ᠡ︾
ᠬᠤᠷᠠᠯ ᠢᠶᠠᠷ ︽ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠥᠷᠭᠡᠳᠬᠡᠬᠦ︾ ᠶᠢ ᠢᠷᠡᠬᠦ ᠵᠢᠯ ᠤᠨ 9 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠨ᠎ᠠ ᠭᠡᠵᠦ ᠳᠤᠷᠠᠳᠪᠠ᠃
ᠳᠤᠷᠠᠳᠤᠯᠭ᠎ᠠ ᠶᠢᠨ ᠲᠠᠶᠢᠯᠤᠮᠵᠢ
ᠲᠤᠲᠤᠭᠠᠲᠦ ᠶᠢᠨ ᠬᠡᠷᠡᠭᠴᠡᠭᠡ ᠶᠢ ᠦᠷᠬᠡᠳᠬᠡᠭᠦ ᠪᠤᠯ ᠭᠠᠲᠠᠨᠠᠭᠢ ᠲᠠᠭᠠᠷᠢᠯᠲᠠ ᠶᠢ ᠠᠷᠭᠠᠴᠠᠭᠠᠬᠤ᠂ ᠠᠵᠤ ᠠᠬᠤᠢ ᠶᠢᠨ ᠠᠵᠢᠯᠯᠠᠭᠠᠨ ᠢ ᠲᠤᠭᠲᠠᠪᠤᠷᠢᠵᠢᠭᠤᠯᠬᠤ ᠪᠦᠲᠦᠮᠵᠢᠲᠠᠢ ᠠᠷᠭ᠎ᠠ ᠵᠠᠮ ᠮᠦᠨ ᠪᠦᠭᠡᠳ ᠪᠠᠰᠠ ᠴᠤ ᠬᠦᠭᠵᠢᠯᠲᠠ ᠶᠢᠨ ᠰᠠᠨᠠᠭᠠᠴᠢᠯᠠᠭᠠᠲᠦ ᠴᠢᠨᠠᠷ ᠢ ᠨᠡᠮᠡᠭᠲᠡᠭᠦᠯᠭᠦ ᠤᠷᠲᠤ ᠬᠤᠭᠤᠴᠠᠭᠠᠨ ᠤ ᠠᠷᠭ᠎ᠠ ᠪᠤᠲᠤᠯᠭ᠎ᠠ ᠮᠦᠨ᠃
ᠲᠦᠷᠦ ᠶᠢᠨ ᠶᠠᠪᠤᠳᠠᠯ ᠤᠨ ᠬᠤᠷᠢᠶᠠᠨ ᠤ ᠬᠦᠭᠵᠢᠯᠲᠡ ᠶᠢᠨ ᠰᠤᠳᠤᠯᠭᠠᠨ ᠤ ᠲᠥᠪ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠣᠳᠣᠯᠭᠠᠨ ᠤ ᠭᠠᠵᠠᠷ ᠤᠨ ᠰᠤᠳᠤᠯᠤᠭᠴᠢ ᠴᠧᠨ ᠯᠢ ᠹᠧᠨ ᠬᠡᠯᠡᠬᠦ ᠳᠤ ᠪᠠᠨ᠂ ᠰᠠᠭᠤᠭᠠᠯᠢ ᠠᠷᠠᠳ ᠤᠨ ᠣᠷᠤᠯᠭ᠎ᠠ ᠪᠣᠯ ᠬᠡᠷᠡᠭᠯᠡᠭᠡ ᠶᠢᠨ ᠨᠡᠶᠢᠭᠡᠮ ᠤᠨ ᠰᠠᠭᠤᠷᠢ ᠪᠠᠲᠤᠯᠠᠭ᠎ᠠ ᠪᠠᠶᠢᠵᠤ᠂ ᠬᠡᠷᠡᠭᠯᠡᠭᠡ ᠶᠢ ᠨᠦᠯᠦᠭᠡᠯᠡᠬᠦ ᠴᠢᠬᠤᠯᠠ ᠡᠯᠧᠮᠧᠨ᠋ᠲ ᠪᠣᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠳᠤᠪᠤᠶᠢᠯᠭᠠᠵᠤ᠂ ᠳᠤᠮᠳᠠ ᠪᠠ ᠳᠣᠣᠷ᠎ᠠ ᠣᠷᠣᠯᠭ᠎ᠠ ᠲᠠᠢ ᠬᠥᠮᠦᠰ ᠤᠨ ᠣᠷᠣᠯᠭ᠎ᠠ ᠶᠢ ᠨᠢ ᠨᠡᠮᠡᠭᠳᠡᠭᠦᠯᠦᠨ ᠳᠠᠷᠤᠭᠠᠰᠤ ᠶᠢ ᠨᠢ ᠬᠥᠩᠭᠡᠷᠡᠭᠦᠯᠬᠦ ᠶᠢ ᠠᠬᠢᠭᠤᠯᠵᠤ᠂ ᠣᠷᠣᠯᠭ᠎ᠠ ᠶᠢᠨ ᠵᠢᠱᠢᠯᠲᠡ ᠶᠢ ᠰᠠᠶᠢᠵᠢᠷᠠᠭᠤᠯᠵᠤ᠂ ᠬᠡᠷᠡᠭᠯᠡᠭᠡ ᠶᠢᠨ ᠬᠦᠰᠡᠯ ᠪᠣᠳᠣᠯ ᠢ ᠨᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ ᠵᠠᠩᠭᠢᠯᠠᠭ᠎ᠠ ᠪᠣᠯᠬᠤ ᠬᠦᠷᠢᠶ᠎ᠡ ᠪᠠ ᠭᠤᠭᠴᠤᠭ᠎ᠠ ᠶᠢ ᠠᠳᠬᠤᠨ ᠬᠡᠷᠡᠭᠯᠡᠭᠡᠨ ᠤ ᠱᠠᠳᠤ ᠳᠡᠰ ᠢ ᠳᠡᠭᠡᠭᠰᠢᠯᠡᠭᠦᠯᠵᠦ᠂ ᠤᠯᠠᠨ ᠡᠰᠢᠵᠢᠭᠰᠡᠨ ᠬᠡᠷᠡᠭᠯᠡᠭᠡ ᠶᠢᠨ ᠪᠠᠶᠢᠳᠠᠯ ᠳᠤ ᠰᠢᠨ᠎ᠡ ᠶᠢ ᠡᠭᠦᠳᠴᠦ᠂ ᠰᠣᠶᠣᠯ᠂ ᠵᠢᠭᠤᠯᠴᠢᠯᠠᠯ᠂ ᠵᠤᠭ᠎ᠠ ᠴᠡᠩᠭᠡᠯ ᠵᠡᠷᠭᠡ ᠰᠡᠯᠡᠭᠦᠴᠡᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠨ ᠡᠰᠢᠲᠦ᠂ ᠦᠪᠡᠷᠮᠢᠴᠡ᠂ ᠴᠢᠨᠠᠷ ᠰᠠᠶᠢᠲᠠᠢ ᠦᠢᠯᠡᠴᠢᠯᠡᠭᠡ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃
ᠳᠤᠷᠠᠳᠤᠯᠭ᠎ᠠ 6
︽︿ᠬᠤᠮᠢᠷᠠᠭ᠎ᠠ﹀ ᠥᠷᠢᠰᠥᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠨ᠎ᠠ︾
ᠬᠤᠷᠠᠯ ᠢᠶᠠᠷ᠂ ︽ᠬᠤᠮᠢᠷᠠᠭ᠎ᠠ︾ ᠥᠷᠢᠰᠥᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭᠠᠨ ᠢ ᠵᠢᠷᠤᠮᠵᠢᠭᠤᠯᠤᠨ᠎ᠠ ᠭᠡᠵᠦ ᠳᠤᠷᠠᠳᠪᠠ᠃
ᠳᠤᠷᠠᠳᠤᠯᠭ᠎ᠠ ᠶᠢᠨ ᠲᠠᠶᠢᠯᠤᠮᠵᠢ
ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠶ ᠬᠡᠯᠡᠬᠦ ᠳᠤ ᠪᠠᠨ᠂ ︽ᠬᠤᠮᠢᠷᠠᠭ᠎ᠠ︾ ᠥᠷᠢᠰᠥᠯᠳᠦᠭᠡᠨ ᠢ ᠰᠢᠨᠵᠢᠯᠡᠨ ᠵᠠᠳᠠᠯᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ︽ᠬᠤᠶᠠᠷ ᠭᠠᠷ︾ ᠢ ᠰᠠᠶᠢᠲᠤᠷ ᠬᠡᠷᠡᠭᠯᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠲᠣᠭᠲᠠᠴᠠ ᠪᠠᠷ ᠬᠦᠲᠦᠯᠦᠨ ᠵᠢᠯᠤᠭᠤᠳᠴᠤ ᠰᠢᠨ᠎ᠡ ᠶᠢ ᠡᠭᠦᠳᠬᠦ ᠶᠢ ᠭᠦᠢᠴᠡᠳ ᠪᠠᠳᠠᠷᠠᠭᠤᠯᠤᠨ᠂ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ᠂ ᠠᠵᠤ ᠠᠬᠤᠶᠢᠯᠠᠯ ᠤᠳ ᠤᠨ ᠥᠪᠡᠷ ᠥᠪᠡᠷ ᠤᠨ ᠣᠨᠴᠠᠯᠢᠭ ᠢ ᠨᠢ ᠪᠠᠳᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠬᠦ ᠮᠥᠷᠲᠡᠭᠡᠨ ᠪᠠᠰᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ᠂ ᠵᠠᠬ᠎ᠠ ᠳᠡᠯᠭᠡᠭᠦᠷ ᠤᠨ ᠲᠦᠷᠢᠮ ᠢ ᠲᠡᠭᠦᠯᠳᠡᠷᠵᠢᠭᠦᠯᠬᠦ᠂ ᠢᠲᠡᠭᠡᠮᠵᠢ ᠶᠢᠨ ᠲᠣᠭᠲᠠᠯᠴᠠᠭ᠎ᠠ ᠶᠢ ᠴᠢᠩᠭᠠᠷᠠᠭᠤᠯᠬᠤ᠂ ᠵᠠᠬ᠎ᠠ ᠳᠡᠯᠭᠡᠭᠦᠷ ᠤᠨ ᠰᠢᠯᠢᠳᠡᠭ ᠪᠣᠯ ᠢᠯᠠᠵᠤ ᠰᠢᠭᠠᠷᠤ ᠪᠣᠯ ᠰᠢᠭᠰᠢᠭᠳᠡᠭᠦᠯᠬᠦ ᠲᠣᠭᠲᠠᠴᠠ ᠶᠢ ᠴᠢᠩᠭᠠᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠭᠤᠣᠯᠴᠢ ᠥᠷᠢᠰᠦᠯᠳᠦᠭᠡᠨ ᠤ ᠣᠷᠴᠢᠨ ᠨᠥᠬᠦᠴᠡᠯ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠡᠢ᠃
ᠳᠤᠷᠠᠳᠤᠯᠭ᠎ᠠ 7
︽ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠤᠭᠤᠯᠤᠯᠲᠠ ᠪᠡᠯᠡ ᠳᠤᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︾
ᠬᠤᠷᠠᠯ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠲᠤᠪᠲᠤᠷ ᠪᠠ ᠣᠷᠳᠣ ᠬᠤᠭᠤᠴᠠᠭᠠᠨ ᠤ ᠪᠠᠯᠠ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠬᠤᠷᠢᠭ᠎ᠠ ᠴᠡᠭ ᠲᠦᠭᠵᠢᠷᠡᠯ ᠴᠡᠭ ᠢ ᠨᠡᠪᠲᠡᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠢᠮ ᠤᠨ ᠪᠠᠭᠲᠠᠭᠠᠮᠵᠢᠲᠤ ᠴᠢᠨᠠᠷ᠂ ᠵᠣᠬᠢᠴᠠᠯᠲᠤ ᠴᠢᠨᠠᠷ ᠢ ᠴᠢᠩᠭᠠᠳᠬᠠᠨ᠎ᠠ ᠭᠡᠵᠦ ᠳᠤᠷᠠᠳᠪᠠ᠃
ᠳᠤᠷᠠᠳᠤᠯᠭ᠎ᠠ ᠶᠢᠨ ᠲᠠᠶᠢᠯᠤᠮᠵᠢ
ᠵᠥᠩᠱᠠᠨ ᠶᠡᠭᠡ ᠰᠤᠷᠭᠠᠭᠤᠯᠢ ᠶᠢᠨ ᠯᠢᠩ ᠨᠠᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠬᠠᠨ ᠴᠢᠶᠠᠨ ᠤ ᠦᠵᠡᠬᠦ ᠪᠠᠷ ᠪᠣᠯ᠂ ︽ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠳᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠯᠠ ᠣᠷᠣᠭᠤᠯᠤᠭᠴᠢ ᠶᠢᠨ ᠪᠦᠲᠦᠴᠡ ᠶᠢ ᠰᠢᠯᠢᠳᠡᠭᠵᠢᠭᠦᠯᠬᠦ᠂ ᠰᠢᠭᠤᠳ ᠪᠠᠯᠠ ᠳᠣᠬᠢᠷᠠᠭᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠰᠠᠭᠤᠷᠢ ᠲᠦᠷᠢᠮ ᠢ ᠪᠠᠬᠢᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ ᠦᠷ᠎ᠡ ᠪᠦᠲᠦᠮᠵᠢ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠠᠷᠢᠯᠴᠠᠨ ᠵᠣᠬᠢᠴᠠᠯᠳᠤᠭᠰᠠᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠦᠷᠭᠦᠯᠵᠢᠯᠡᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠳᠣᠲᠣᠭᠠᠳᠤ ᠳᠠᠬᠢ ᠲᠣᠭᠲᠠᠭᠤᠨ ᠴᠢᠨᠠᠷ ᠪᠠ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃
ᠳᠤᠷᠠᠳᠤᠯᠭ᠎ᠠ 8
︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ ᠪᠠᠶᠢᠯᠭᠠᠬᠤ ᠳᠤ ᠦᠷᠭᠦᠯᠵᠢᠯᠡᠨ ᠬᠦᠴᠦᠯᠡᠨ ᠠᠬᠢᠭᠤᠯᠤᠨ᠎ᠠ︾
ᠬᠤᠷᠠᠯ ᠢᠶᠠᠷ ︽ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠨ ᠲᠣᠭᠲᠠᠭᠤᠨ ᠪᠠᠶᠢᠯᠭᠠᠬᠤ ᠳᠤ ᠦᠷᠭᠦᠯᠵᠢᠯᠡᠨ ᠬᠦᠴᠦᠯᠡᠨ ᠠᠬᠢᠭᠤᠯᠬᠤ︾ ᠶᠢ ᠳᠤᠷᠠᠳᠤᠭᠰᠠᠨ ᠪᠥᠭᠡᠳ ᠣᠯᠠᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠄ ︽ᠬᠤᠲᠠ ᠶᠢᠨ ᠳᠣᠲᠣᠷᠠᠬᠢ ᠲᠣᠰᠬᠤᠨ ᠪᠠ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ ᠬᠡᠷᠡᠭᠵᠢᠭᠦᠯᠦᠨ᠎ᠡ᠄ ᠵᠠᠶᠢᠯᠠᠰᠢ ᠥᠬᠡᠶ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ︾ ᠠᠴᠠ ︽ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠬᠦᠷᠦᠩᠭᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠵᠤᠬᠢᠰᠲᠠᠢ ᠡᠵᠡᠮᠳᠡᠵᠦ᠂ ᠦᠯᠡᠳᠡᠭᠳᠡᠵᠦ ᠪᠠᠶᠢᠭ᠎ᠠ ᠬᠡᠷᠡᠭᠰᠡᠬᠦ ᠭᠠᠵᠠᠷ ᠪᠠ ᠬᠤᠳᠠᠯᠳᠤᠭ᠎ᠠ ᠠᠯᠪᠠᠯᠠᠬᠤ ᠳᠤ ᠬᠡᠷᠡᠭᠯᠡᠬᠦ ᠭᠠᠵᠠᠷ ᠢ ᠭᠦᠢᠯᠭᠡᠭᠡᠨ ᠳᠤ ᠣᠷᠣᠭᠤᠯᠵᠤ᠂ ᠦᠯᠡᠳᠡᠭᠳᠡᠵᠦ ᠪᠠᠶᠢᠭ᠎ᠠ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠢ︾᠃ ᠡᠭᠦᠨ ᠤ ᠬᠠᠮᠲᠤ᠂ ︽ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠲᠠᠢ ᠪᠣᠯᠭᠠᠬᠤ ᠶᠢ ᠠᠬᠢᠭᠤᠯᠵᠤ᠂ ᠬᠠᠮᠢᠶ᠎ᠠ ᠪᠥᠬᠦᠶ ᠰᠠᠭᠤᠷᠢ ᠴᠢᠨᠠᠷᠲᠠᠶ ᠲᠦᠷᠢᠮ ᠢ ᠡᠮᠬᠢ ᠵᠢᠷᠤᠮ ᠲᠠᠢ ᠪᠠᠶᠢᠭᠤᠯᠤᠨ᠎ᠠ︾ ᠭᠡᠵᠦ ᠳᠤᠷᠠᠳᠪᠠ᠃
ᠳᠤᠷᠠᠳᠤᠯᠭ᠎ᠠ ᠶᠢᠨ ᠲᠠᠶᠢᠯᠤᠮᠵᠢ
ᠳᠤᠮᠳᠠᠳᠤ ᠤᠯᠤᠰ ᠤᠨ ᠬᠤᠷᠸ᠎ᠠ ᠠᠵᠤ ᠠᠬᠤᠶ ᠶᠢᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠯᠢᠦ ᠯᠢᠨ ᠢᠯᠡᠷᠬᠡᠶᠢᠯᠡᠬᠦ ᠳᠤ ᠪᠠᠨ᠂ ᠡᠨᠡ ᠬᠦ ᠳᠤᠷᠠᠳᠤᠯᠭ᠎ᠠ ᠨᠢ ᠨᠡᠩ ᠡᠷᠡᠰ ᠪᠠᠲᠤ ᠪᠠᠷ ︽ᠣᠷᠣᠨ ᠰᠠᠭᠤᠴᠠ ᠶᠢ ᠲᠣᠭᠲᠠᠭᠤᠨ ᠪᠠᠶᠢᠯᠭᠠᠬᠤ︾ ᠴᠢᠩᠭ᠎ᠠ ᠳᠣᠬᠢᠶ᠎ᠠ ᠶᠢ ᠪᠤᠶ ᠪᠣᠯᠭᠠᠵᠠᠢ᠃ ︽ᠦᠷᠭᠦᠯᠵᠢᠯᠡᠨ ᠬᠦᠴᠦᠯᠡᠬᠦ︾ ᠨᠢ ᠲᠥᠪ ᠠᠴᠠ ᠣᠷᠣᠨ ᠨᠤᠲᠤᠭ ᠬᠦᠷᠲᠡᠯ᠎ᠡ᠂ ᠡᠯ᠎ᠡ ᠵᠦᠢᠯ ᠤᠨ ᠭᠡᠷ ᠪᠠᠶᠢᠰᠢᠩ ᠭᠠᠵᠠᠷ ᠬᠦᠷᠦᠩᠭᠡ ᠶᠢ ᠳᠡᠮᠵᠢᠬᠦ ᠲᠦᠷᠦ ᠶᠢᠨ ᠪᠤᠳᠤᠯᠭ᠎ᠠ ᠪᠠᠨ ᠦᠷᠭᠦᠯᠵᠢᠯᠡᠨ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠠᠷᠠᠭᠤᠯᠪᠠ᠃ ᠡᠯ᠎ᠡ ᠵᠦᠢᠯ ᠤᠨ ᠲᠥᠷᠥ ᠶᠢᠨ ᠪᠣᠳᠣᠯᠭ᠎ᠠ ᠨᠢ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠵᠤ᠂ ᠣᠳᠣᠬᠠᠨ ᠤ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠭᠦᠯᠵᠦ᠂ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠢᠲᠡᠭᠡᠯ ᠪᠠ ᠬᠥᠭᠵᠢᠯᠲᠡ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠳᠤ ᠠᠰᠢᠭᠲᠠᠶ ᠶᠤᠮ ᠭᠡᠵᠡᠢ᠃
ᠳᠤᠷᠠᠳᠤᠯᠭ᠎ᠠ 9
︽ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠵᠣᠬᠢᠴᠠᠯᠳᠤᠭᠤᠯᠤᠨ ᠠᠬᠢᠭᠤᠯᠤᠨ᠎ᠠ︾
ᠬᠤᠷᠠᠯ ᠢᠶᠠᠷ᠂ ᠵᠢᠱᠢᠯᠲᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠵᠣᠬᠢᠴᠠᠯᠳᠤᠭᠤᠯᠤᠨ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃
ᠳᠤᠷᠠᠳᠤᠯᠭ᠎ᠠ ᠶᠢᠨ ᠲᠠᠶᠢᠯᠤᠮᠵᠢ
︽ᠵᠢᠱᠢᠯᠲᠡ ᠶᠢ ᠲᠣᠭᠲᠠᠪᠤᠷᠢᠵᠢᠭᠤᠯᠵᠤ᠂ ᠢᠲᠡᠭᠡᠯ ᠵᠣᠷᠢᠭ ᠢ ᠬᠥᠪᠴᠢᠯᠡᠬᠦ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠣᠨ᠎ᠠ᠂ ᠵᠢᠱᠢᠯᠲᠡ ᠶᠢᠨ ᠬᠠᠮᠢᠶᠠᠷᠤᠯᠲᠠ ᠶᠢ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠡᠳ᠋ ᠤᠨ ᠵᠠᠰᠠᠭ᠂ ᠵᠣᠭᠤᠰᠤᠨ ᠤ ᠲᠥᠷᠥ ᠶᠢᠨ ᠪᠣᠳᠣᠯᠭ᠎ᠠ ᠴᠤ ᠲᠡᠷᠡ᠂ ᠪᠡᠯᠡ ᠣᠷᠣᠭᠤᠯᠤᠯᠲᠠ᠂ ᠬᠡᠷᠡᠭᠯᠡᠭᠡ᠂ ᠠᠷᠠᠳ ᠤᠨ ᠠᠮᠢᠳᠤᠷᠠᠯ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠴᠤ ᠲᠡᠷᠡ᠂ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠬᠦ᠂ ᠨᠡᠶᠢᠲᠡᠯᠡᠬᠦ ᠵᠠᠩᠭᠢᠯᠠᠭ᠎ᠠ ᠶᠢᠨ ᠴᠡᠭ᠂ ᠤᠬᠠᠭᠤᠯᠤᠨ ᠲᠠᠶᠢᠯᠪᠤᠷᠢᠯᠠᠬᠤ ᠠᠷᠭ᠎ᠠ ᠮᠠᠶ᠋ᠢᠭ᠂ ᠬᠡᠷᠡᠭᠵᠢᠭᠦᠯᠬᠦ ᠡᠷᠴᠢᠮ ᠤᠨ ᠲᠠᠯ᠎ᠠ ᠪᠠᠷ ᠴᠥᠮ ᠵᠢᠱᠢᠯᠲᠡ ᠶᠢ ᠲᠣᠭᠲᠠᠪᠤᠷᠢᠵᠢᠭᠤᠯᠬᠤ ᠪᠠᠨ ᠴᠢᠬᠤᠯᠠᠴᠢᠯᠠᠵᠤ᠂ ᠣᠯᠠᠨ ᠲᠠᠯ᠎ᠠ ᠶᠢᠨ ᠬᠠᠷᠠᠭᠠᠰᠤ ᠶᠢ ᠶᠡᠷᠦᠩᠬᠡᠶᠢᠯᠡᠨ ᠭᠦᠢᠴᠡᠳ ᠦᠨᠡᠯᠡᠨ ᠵᠢᠱᠢᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠠᠴᠠ ᠡᠭᠦᠰᠴᠦ ᠮᠡᠳᠡᠬᠦ ᠠᠪᠴᠢᠬᠤ ᠦᠢᠯᠡᠳᠦᠯ ᠢ ᠠᠯᠢ ᠴᠢᠳᠠᠬᠤ ᠪᠠᠷ ᠪᠠᠭᠠᠰᠬᠠᠨ᠎ᠠ︾ ᠭᠡᠵᠦ ᠴᠢᠩᠬᠤᠸᠠ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠳ᠋ᠦᠩ ᠢᠦᠢ ᠬᠡᠯᠡᠪᠡ᠃
ᠳᠤᠷᠠᠳᠤᠯᠭ᠎ᠠ 10
︽ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ︾
ᠬᠤᠷᠠᠯ ᠢᠶᠠᠷ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠦᠪᠴᠢᠯᠡᠨ᠂ ᠬᠦᠴᠢᠷ ᠢ ᠰᠥᠷᠦᠨ ᠤᠷᠤᠭᠰᠢᠯᠠᠵᠤ᠂ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠪᠠᠨ ᠪᠠᠲᠤᠯᠠᠨ᠎ᠠ᠃ ᠵᠥᠪ ᠴᠢᠭᠯᠡᠯ ᠢᠶᠠᠷ ᠤᠷᠮᠠᠰᠢᠭᠤᠯᠬᠤ ᠪᠠᠨ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ ᠭᠡᠵᠦ ᠴᠢᠬᠤᠯᠠᠴᠢᠯᠠᠪᠠ᠃
ᠳᠤᠷᠠᠳᠤᠯᠭ᠎ᠠ ᠶᠢᠨ ᠲᠠᠶᠢᠯᠤᠮᠵᠢ
ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠫᠷᠣᠹᠧᠰᠰᠣᠷ ᠰᠢᠦᠢ ᠭᠤᠸᠠᠩ ᠵᠢᠶᠠᠨ ᠢᠯᠡᠷᠬᠡᠶᠢᠯᠡᠬᠦ ᠳᠤ ᠪᠠᠨ᠂ ᠠᠵᠤ ᠠᠬᠤᠢ ᠶᠢᠨ ᠠᠵᠢᠯ ᠪᠣᠯ ᠨᠠᠮ ᠪᠠ ᠤᠯᠤᠰ ᠤᠨ ᠭᠤᠣᠯ ᠠᠵᠢᠯ ᠪᠣᠯᠣᠨ᠎ᠠ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ ᠲᠦᠷᠦ ᠶᠢ ᠵᠠᠰᠠᠬᠤ ᠴᠢᠬᠤᠯᠠ ᠶᠡᠭᠡ ᠡᠭᠦᠷᠭᠡ ᠪᠣᠯᠣᠨ᠎ᠠ᠃ ᠣᠳᠣᠬᠠᠨ ᠳᠤ᠂ ᠮᠠᠨ ᠤ ᠤᠯᠤᠰ ᠨᠠᠷᠢᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠳᠤ ᠲᠤᠯᠭᠠᠷᠠᠵᠤ᠂ ᠬᠦᠴᠢᠷ ᠪᠡᠷᠬᠡᠰᠢᠶᠡᠯ ᠪᠠ ᠰᠢᠯᠭᠠᠯᠲᠠ ᠶᠢ ᠠᠷᠭᠠᠴᠠᠭᠠᠬᠤ ᠳᠤ ᠪᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠭᠦᠢᠴᠡᠳᠬᠡᠨ ᠰᠠᠶᠢᠲᠤᠷ ᠨᠠᠶᠢᠳᠠᠪᠤᠷᠢᠵᠢᠭᠤᠯᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠯᠠᠪᠳᠠᠭᠤᠨ ᠢᠶᠠᠷ ᠰᠠᠶᠢᠲᠤᠷ ᠬᠦᠯᠢᠶᠡᠨ ᠠᠪᠴᠤ᠂ ᠢᠮᠠᠭᠲᠠ ︽ᠳᠤᠷᠠᠲᠠᠶ᠎ᠠ ᠡᠭᠦᠷᠭᠡᠯᠡᠵᠦ᠂ ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠡᠭᠦᠷᠭᠡᠯᠡᠬᠦ︾ ᠶᠢ ᠠᠵᠢᠯ ᠦᠢᠯᠡᠰ ᠤᠨ ᠱᠠᠭᠠᠷᠳᠠᠯᠭ᠎ᠠ ᠪᠠ ᠡᠭᠦᠷᠭᠡ ᠬᠠᠷᠢᠭᠤᠴᠠᠯᠭ᠎ᠠ ᠯᠤᠭ᠎ᠠ ᠬᠤᠯᠪᠣᠭᠳᠠᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠷᠬᠡᠭ ᠶᠡᠭᠡ ᠬᠦᠳᠡᠯᠭᠡᠭᠴᠢ ᠬᠦᠴᠦᠨ ᠢ ᠬᠥᠭᠵᠢᠭᠡᠵᠦ ᠪᠠᠶᠢᠭᠠᠳ ᠠᠵᠤ ᠠᠬᠤᠢ ᠶᠢᠨ ᠠᠵᠢᠯ ᠤᠨ ᠵᠥᠪ ᠴᠢᠭᠯᠡᠯ ᠪᠠ ᠬᠠᠷᠠᠯᠲᠠ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ ᠭᠡᠵᠡᠢ᠃