|
1—11 ᠳ᠋ᠦ᠋ᠭᠡᠷ ᠰᠠᠷ᠎ᠠ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠤᠯᠤᠰ ᠲᠤ | ᠬᠤᠶᠠᠳᠤᠭᠠᠷ ᠲᠤ ᠪᠠᠶᠢᠷᠢᠯᠠᠪᠠ |
|
|
ᠨᠡᠶᠢᠲᠡᠯᠡᠭᠰᠡᠨ ᠴᠠᠭ᠄
2024/12/19
|
|
1—11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠵᠦ᠂ 1—10 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠴᠡᠭ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠭᠤᠷᠪᠠᠨ ᠰᠠᠷ᠎ᠠ ᠳᠠᠷᠠᠭᠠᠯᠠᠨ ᠳᠡᠭᠡᠭᠰᠢᠯᠡᠵᠦ᠂ ᠪᠥᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 9.7 ᠵᠠᠭᠤᠨ ᠤ ᠴᠡᠭ ᠥᠨᠳᠥᠷ ᠪᠣᠯᠪᠠ᠃ ᠠᠵᠤ ᠦᠢᠯᠡᠰ ᠢᠶᠠᠷ ᠠᠩᠭᠢᠯᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠤᠭᠤᠯᠤᠯᠲᠠ 66.2% ᠢᠶᠠᠷ ᠨᠡᠮᠡᠭᠳᠡᠵᠦ᠂ ᠪᠦᠬᠦ ᠣᠷᠣᠨ ᠤ ᠪᠡᠯᠡ ᠣᠷᠤᠭᠤᠯᠤᠯᠲᠠ ᠶᠢᠨ ᠬᠤᠪᠢ ᠶᠢᠨ ᠵᠢᠩ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 3.6% ᠪᠠᠶᠢᠭᠰᠠᠨ ᠠᠴᠠ ᠪᠠᠨ ᠳᠡᠭᠡᠭᠰᠢᠯᠡᠭᠡᠳ 5.3% ᠪᠣᠯᠵᠤ᠂ ᠪᠦᠬᠦ ᠣᠷᠣᠨ ᠤ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.4 ᠵᠠᠭᠤᠨ ᠤ ᠴᠡᠭ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ 14.4% ᠪᠠᠷ ᠨᠡᠮᠡᠭᠳᠡᠵᠦ᠂ ᠪᠦᠬᠦ ᠣᠷᠣᠨ ᠤ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 8.5 ᠵᠠᠭᠤᠨ ᠤ ᠴᠡᠭ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 5.6% ᠪᠠᠷ ᠨᠡᠮᠡᠭᠳᠡᠵᠦ᠂ ᠪᠥᠬᠦ ᠣᠷᠣᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.1 ᠵᠠᠭᠤᠨ ᠤ ᠴᠡᠭ ᠲᠠᠶᠢᠴᠢᠯᠠᠪᠠ᠃ ︵ᠲᠤᠭ᠎ᠠ ᠪᠦᠷᠢᠳᠭᠡᠯ ᠤᠨ ᠲᠣᠪᠴᠢᠶ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|