ᠥᠪᠥᠷ ᠮᠣᠩᠭᠤᠯ ᠣᠨᠳᠣᠣ ᠭᠠᠵᠠᠷ ᠲᠤ ᠡᠮᠨᠡᠭᠦᠯᠬᠦ ᠳᠠᠩᠰᠠᠯᠠᠯᠲᠠ ᠶᠢᠨ ᠲᠥᠷᠥ ᠶᠢᠨ ᠪᠣᠳᠣᠯᠭ᠎ᠠ ᠳᠤ ᠪᠠᠨ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/12/2

 

      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠳᠤ ᠥᠪᠥᠷ ᠮᠣᠩᠭᠤᠯ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠳᠠᠩᠰᠠᠯᠠᠯᠲᠠ ᠶᠢᠨ ᠲᠥᠷᠥ ᠶᠢᠨ ᠪᠣᠳᠣᠯᠭ᠎ᠠ ᠳᠤ ᠪᠠᠨ ᠲᠣᠬᠢᠷᠠᠭᠤᠯᠤᠯᠲᠠ ᠬᠢᠪᠡ᠂ ᠳᠠᠷᠤᠢ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠳᠤ ᠤᠷᠢᠳ ᠢᠶᠠᠷ ᠳᠠᠩᠰᠠᠯᠠᠭᠤᠯᠵᠤ ᠳᠠᠷᠠᠭ᠎ᠠ ᠨᠢ ᠡᠮᠨᠡᠭᠦᠯᠬᠦ ᠬᠡᠷᠡᠭᠲᠡᠢ᠂ ᠳᠠᠩᠰᠠᠯᠠᠭᠤᠯᠬᠤ ᠳᠤ ᠪᠠᠨ ᠰᠦᠯᠵᠢᠶᠡᠨ ᠤ ᠭᠠᠳᠠᠭᠤᠷ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠲᠤ ᠣᠴᠢᠵᠤ ᠭᠦᠢᠴᠡᠳᠬᠡᠵᠦ ᠪᠣᠯᠣᠨ᠎ᠠ᠂ ᠪᠠᠰᠠ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ᠂ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠭᠦᠢᠴᠡᠳᠬᠡᠵᠦ ᠪᠣᠯᠣᠨ᠎ᠠ᠂ ᠰᠦᠯᠵᠢᠶᠡᠨ ᠤ ᠭᠠᠳᠠᠭᠤᠷ ᠭᠤᠶᠤᠴᠢᠯᠠᠭᠰᠠᠨ ᠢ ᠲᠤᠬᠠᠢ ᠶᠢᠨ ᠲᠠᠯᠠᠪᠤᠷ ᠲᠤ ᠨᠢ ᠭᠦᠢᠴᠡᠳᠬᠡᠵᠦ ᠪᠣᠯᠣᠨ᠎ᠠ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠳᠤ ᠪᠠᠨ 2 ᠠᠵᠢᠯᠯᠠᠬᠤ ᠡᠳᠦᠷ ᠢᠶᠠᠷ ᠤᠷᠢᠳᠴᠢᠯᠠᠭᠤᠯᠬᠤ ᠬᠡᠷᠡᠭᠲᠡᠢ᠃

      ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠪᠠᠨ ᠳᠠᠩᠰᠠᠯᠠᠭᠤᠯᠬᠤ ᠳᠤ ᠬᠡᠷᠡᠭᠰᠡᠬᠦ ᠮᠠᠲ᠋ᠧᠷᠢᠶᠠᠯ ᠤᠳ ᠲᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠣᠨᠳᠣᠣ ᠭᠠᠵᠠᠷ ᠲᠤ ᠰᠠᠭᠤᠷᠢᠰᠢᠭᠰᠠᠨ ᠪᠥᠭᠡᠳ ᠡᠷᠦᠬᠡ ᠠᠮᠠ ᠶᠢᠨ ᠲᠠᠩᠰᠠ ᠪᠠᠨ ᠰᠠᠭᠤᠷᠢᠰᠢᠭᠰᠠᠨ ᠭᠠᠵᠠᠷ ᠲᠤ ᠪᠠᠨ ᠨᠡᠭᠦᠯᠭᠡᠭᠰᠡᠨ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠪᠤᠶᠤ ᠬᠤᠪᠢ ᠬᠥᠮᠥᠨ ᠤ ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠣᠷᠳᠣ ᠬᠤᠭᠤᠴᠠᠭ᠎ᠠ ᠪᠠᠷ ᠣᠨᠳᠣᠣ ᠭᠠᠵᠠᠷ ᠲᠤ ᠰᠠᠭᠤᠷᠢᠰᠢᠵᠤ ᠪᠠᠶᠢᠭ᠎ᠠ ᠪᠥᠭᠡᠳ ᠳᠠᠭᠠᠳᠬᠠᠯ ᠳᠤ ᠣᠷᠣᠯᠴᠠᠬᠤ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠣᠷᠣᠰᠢᠨ ᠰᠠᠭᠤᠬᠤ ᠦᠨᠡᠮᠯᠡᠯ ᠪᠤᠶᠤ ᠬᠤᠪᠢ ᠬᠥᠮᠥᠨ ᠤ ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠬᠥᠮᠥᠨ ᠬᠡᠷᠡᠭᠯᠡᠬᠦ ᠨᠢᠭᠡᠴᠢ ᠠᠴᠠ ᠣᠨᠳᠣᠣ ᠭᠠᠵᠠᠷ ᠲᠤ ᠲᠣᠮᠢᠯᠠᠨ ᠠᠵᠢᠯᠯᠠᠭᠤᠯᠤᠭᠰᠠᠨ ᠪᠥᠭᠡᠳ ᠳᠠᠭᠠᠳᠬᠠᠯ ᠳᠤ ᠣᠷᠣᠯᠴᠠᠬᠤ ᠭᠠᠵᠠᠷ ᠤᠨ ᠲᠣᠭᠲᠠᠭᠠᠯ ᠳᠤ ᠨᠡᠶᠢᠴᠡᠬᠦ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ᠂ ᠣᠷᠣᠰᠢᠨ ᠰᠠᠭᠤᠬᠤ ᠦᠨᠡᠮᠯᠡᠯ ᠪᠤᠶᠤ ᠬᠤᠪᠢ ᠬᠥᠮᠥᠨ ᠤ ᠠᠮᠠᠯᠠᠯᠲᠠ ᠶᠢᠨ ᠪᠢᠴᠢᠭ ᠢᠶᠠᠨ ᠬᠠᠩᠭᠠᠨ᠎ᠠ᠃ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠬᠦ ᠪᠤᠰᠤᠳ ᠬᠥᠮᠥᠰ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠪᠤᠶᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠦᠨᠡᠮᠯᠡᠯ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠬᠠᠩᠭᠠᠨ᠎ᠠ ᠭᠡᠵᠡᠢ ᠃

      ᠠᠩᠬᠠᠷᠤᠭᠤᠰᠢᠲᠠᠢ ᠨᠢ᠂ ︽ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠥᠰ︾ ᠤᠨ ᠵᠥᠪᠬᠡᠨ ᠠᠮᠠᠯᠠᠯᠲᠠ ᠶᠢᠨ ᠪᠢᠴᠢᠭ ᠢᠶᠠᠷ ᠳᠠᠮᠵᠢᠭᠤᠯᠤᠨ ᠭᠦᠢᠴᠡᠳᠬᠡᠭᠰᠡᠨ ᠳᠠᠩᠰᠠᠯᠠᠯᠲᠠ ᠶᠢ ᠡᠷᠬᠡᠪᠰᠢ 1 ᠰᠠᠷ᠎ᠠ ᠶᠢᠨ ᠳᠣᠲᠣᠷ᠎ᠠ ᠳᠠᠩᠰᠠᠯᠠᠭᠤᠯᠬᠤ ᠳᠤ ᠳᠤᠲᠠᠭᠳᠠᠵᠤ ᠪᠠᠶᠢᠭᠰᠠᠨ ᠪᠤᠰᠤᠳ ᠮᠠᠲ᠋ᠧᠷᠢᠶᠠᠯ ᠤᠳ ᠢ  ᠨᠢ ᠨᠥᠬᠦᠭᠦᠯᠬᠦ ᠬᠡᠷᠡᠭᠲᠡᠢ᠃ ᠳᠠᠩᠰᠠᠯᠠᠭᠤᠯᠬᠤ ᠳᠤ ᠳᠤᠲᠠᠭᠳᠠᠵᠤ ᠪᠠᠶᠢᠭᠰᠠᠨ ᠮᠠᠲ᠋ᠧᠷᠢᠶᠠᠯ ᠤᠳ ᠢᠶᠠᠨ ᠲᠣᠭᠲᠠᠭᠰᠠᠨ ᠬᠤᠭᠤᠴᠠᠭᠠᠨ ᠳᠤ ᠪᠠᠨ ᠨᠥᠬᠦᠪᠦᠷᠢᠯᠡᠵᠦ ᠲᠤᠰᠢᠶᠠᠭᠰᠠᠨ ᠦᠭᠡᠢ ᠪᠣᠯ ︽ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠪᠤᠰᠤᠳ ᠬᠥᠮᠥᠰ ︾ ᠤᠨ ᠳᠠᠩᠰᠠᠯᠠᠯᠲᠠ ᠲᠠᠢ ᠠᠳᠠᠯᠢᠬᠠᠨ ᠢᠶᠠᠷ ᠲᠣᠭᠠᠴᠠᠨ᠎ᠠ᠃ ᠮᠤᠵᠢ ᠠᠯᠤᠰᠯᠠᠨ ᠣᠨᠳᠣᠣ ᠭᠠᠵᠠᠷ ᠲᠤ ᠣᠷᠳᠣ ᠬᠤᠭᠤᠴᠠᠭ᠎ᠠ ᠪᠠᠷ ᠣᠷᠣᠰᠢᠨ ᠰᠠᠭᠤᠭᠰᠠᠳ ᠤᠨ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ ᠳᠠᠩᠰᠠᠯᠠᠭᠤᠯᠤᠭᠰᠠᠨ ᠳᠠᠩᠰᠠᠯᠠᠯᠲᠠ ᠶᠢᠨ ᠰᠢᠯᠵᠢᠯᠲᠡ ᠶᠢᠨ ᠬᠤᠭᠤᠴᠠᠭ᠎ᠠ ᠨᠢ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠂ ᠰᠢᠯᠵᠢᠯᠲᠡ ᠶᠢᠨ ᠬᠤᠭᠤᠴᠠᠭᠠᠨ ᠳᠤ ᠪᠠᠨ ᠰᠢᠨ᠎ᠡ ᠱᠠᠭᠠᠷᠳᠠᠯᠭ᠎ᠠ ᠶᠣᠰᠣᠭᠠᠷ ᠳᠠᠩᠰᠠᠯᠠᠯᠲᠠ ᠶᠢᠨ ᠮᠠᠲ᠋ᠧᠷᠢᠶᠠᠯ ᠤᠳ ᠢᠶᠠᠨ ᠨᠥᠬᠦᠬᠦ ᠬᠡᠷᠡᠭᠲᠡᠢ᠂ ᠰᠢᠯᠵᠢᠯᠲᠡ ᠶᠢᠨ ᠬᠤᠭᠤᠴᠠᠭᠠᠨ ᠳᠤ ᠪᠠᠨ ᠳᠠᠩᠰᠠᠯᠠᠯᠲᠠ ᠶᠢᠨ ᠮᠠᠲ᠋ᠧᠷᠢᠶᠠᠯ ᠤᠳ ᠢᠶᠠᠨ ᠨᠥᠬᠦᠵᠦ ᠳᠡᠶᠢᠯᠦᠭᠰᠡᠨ ᠦᠭᠡᠢ ᠪᠣᠯ ᠂ ᠤᠤᠯ ᠤᠨ ᠳᠠᠩᠰᠠᠯᠠᠯᠲᠠ ᠨᠢ ᠬᠦᠴᠦᠨ ᠦᠭᠡᠢ ᠪᠣᠯᠵᠤ᠂ ᠳᠠᠭᠠᠳᠬᠠᠯ ᠳᠤ ᠣᠷᠣᠯᠴᠠᠭᠴᠢ ᠰᠢᠨ᠎ᠡ ᠲᠥᠷᠥ ᠶᠢᠨ ᠪᠣᠳᠣᠯᠭ᠎ᠠ ᠶᠣᠰᠣᠭᠠᠷ ᠳᠠᠭᠢᠵᠤ ᠳᠠᠩᠰᠠᠯᠠᠭᠤᠯᠬᠤ ᠬᠡᠷᠡᠭᠲᠡᠢ᠃

      ︽ ᠣᠨᠳᠣᠣ ᠭᠠᠵᠠᠷ ᠲᠤ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠬᠥᠮᠥᠰ ᠤᠨ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠶᠢ ᠳᠠᠭᠠᠳᠬᠠᠯ ᠳᠤ ᠣᠷᠣᠯᠴᠠᠭᠴᠢ ᠥᠪᠡᠰᠦᠪᠡᠨ ᠲᠣᠭᠲᠠᠭᠠᠨ᠎ᠠ  ᠂ 6 ᠰᠠᠷ᠎ᠠ ᠶᠢᠨ ᠳᠣᠲᠣᠷ᠎ᠠ ᠬᠦᠴᠦᠨ ᠦᠭᠡᠢ ᠪᠣᠯᠭᠠᠵᠤ ᠪᠣᠯᠬᠤ ᠦᠭᠡᠢ ᠃ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠪᠤᠰᠤᠳ ᠬᠥᠮᠥᠰ ᠤᠨ ᠳᠠᠩᠰᠠᠯᠠᠯᠲᠠ ᠶᠢᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠪᠣᠯᠣᠨ᠎ᠠ ᠂ ᠬᠦᠴᠦᠨ ᠲᠠᠢ ᠬᠤᠭᠤᠴᠠᠭᠠᠨ ᠳᠤ ᠡᠮᠨᠡᠭᠦᠯᠦᠭᠰᠡᠨ ᠭᠠᠵᠠᠷ ᠲᠤ ᠪᠠᠨ ᠣᠯᠠᠨ ᠤᠳᠠᠭ᠎ᠠ ᠡᠮᠨᠡᠭᠦᠯᠵᠦ ᠪᠣᠯᠬᠤ ᠪᠥᠭᠡᠳ ᠰᠢᠭᠤᠳ ᠲᠠᠰᠤᠯᠤᠨ ᠪᠣᠳᠣᠵᠤ ᠪᠣᠯᠣᠨ᠎ᠠ ᠂ ᠡᠮᠨᠡᠭᠦᠯᠬᠦ ᠪᠦᠷᠢ ᠳᠤ ᠪᠠᠨ ᠳᠠᠩᠰᠠᠯᠠᠭᠤᠯᠬᠤ ᠴᠢᠬᠤᠯᠠ ᠦᠭᠡᠢ᠂ ᠨᠢᠭᠡᠨᠲᠡ ᠳᠠᠩᠰᠠᠯᠠᠭᠤᠯᠤᠭᠰᠠᠨ ᠶᠤᠮ ᠪᠣᠯ ᠰᠢᠭᠤᠳ ᠬᠦᠴᠦᠨ ᠦᠭᠡᠢ ᠪᠣᠯᠭᠠᠵᠤ ᠪᠣᠯᠣᠨ᠎ᠠ ᠃︾ ᠭᠡᠵᠦ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ ᠃


      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ