ᠥᠪᠥᠷ ᠮᠣᠩᠭᠤᠯ ᠤᠨ ᠥᠪᠡᠷᠲᠡᠭᠡᠨ ᠵᠠᠰᠠᠬᠤ
ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇ 2024 ﹈ 230 ᠳ᠋ᠤᠭᠠᠷ ᠲᠣᠭᠠᠲᠤ
ᠥᠪᠥᠷᠵᠢᠯᠠᠭ᠎ᠠ ᠴᠦᠬᠦᠷᠦᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣ᠊ᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠵᠦ ᠣᠷᠣᠭᠤᠯᠬᠤ ᠶᠢ ᠴᠠᠭᠠᠵᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠬᠢᠩᠭᠠᠨ ᠠᠶᠢᠮᠠᠭ ᠤᠨ ᠵᠠᠬᠢᠷᠭ᠎ᠠ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠳᠤ ᠄
ᠪᠠᠶᠢᠭᠤᠯᠬᠤ ᠪᠠᠷ ᠪᠠᠶᠢᠭ᠎ᠠ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠣᠣᠷᠵᠢᠭᠤᠯᠤᠯᠲᠠ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠤᠰᠤᠨ ᠰᠤᠷᠪᠤᠯᠵᠢ ᠶᠢᠨ ᠪᠠᠷᠢᠯᠭ᠎ᠠ ᠪᠣᠯᠣᠨ᠎ᠠ ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠂ ︽ ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ ︾ ︵ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠶ᠎ᠡ ᠄
ᠨᠢᠭᠡ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠵᠢᠴᠢ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠪᠠᠶᠠᠨᠵᠢᠷᠦᠬᠡ ᠭᠠᠴᠠᠭ᠎ᠠ ᠂ ᠥᠪᠥᠷᠵᠢᠯᠠᠭ᠎ᠠ ᠭᠠᠴᠠᠭ᠎ᠠ ᠳᠤ ᠬᠤᠯᠪᠣᠭᠳᠠᠵᠤ ᠂ ᠪᠣᠳᠠᠲᠠᠢ ᠬᠦᠷᠢᠶ᠎ᠡ ᠬᠡᠪᠴᠢᠶ᠎ᠡ ᠨᠢ ᠲᠤᠬᠠᠢ ᠶᠢᠨ ᠲᠠᠯᠠᠪᠤᠷ ᠲᠤ ᠪᠤᠯᠠᠭᠠᠷᠢ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ ᠃
ᠬᠤᠶᠠᠷ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠡᠯ᠎ᠡ ᠵᠦᠢᠯ ᠤᠨ ᠰᠠᠭᠤᠷᠢ ᠪᠡᠯᠡᠳᠬᠡᠮᠵᠢ ︵ ᠰᠤᠮᠤ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠯᠡᠭᠡᠨ ᠤ ᠣᠷᠣᠨ ᠰᠠᠭᠤᠴᠠ ᠪᠠᠭᠲᠠᠨ᠎ᠠ ︶ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ ᠃
ᠭᠤᠷᠪᠠ ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠪᠠ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠤ ᠲᠥᠷᠥᠯ ᠵᠦᠢᠯ ᠰᠢᠨ᠎ᠡ ᠪᠠᠷ ᠪᠠᠶᠢᠭᠤᠯᠬᠤ ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ ᠂ ᠭᠡᠷ ᠪᠠᠶᠢᠰᠢᠩ ᠪᠠᠷᠢᠬᠤ ᠪᠠ ᠪᠤᠰᠤᠳ ᠪᠡᠯᠡᠳᠬᠡᠮᠵᠢ ᠪᠠᠶᠢᠭᠤᠯᠵᠤ ᠪᠣᠯᠬᠤ ᠦᠭᠡᠢ ᠂ ᠤᠤᠯ ᠭᠠᠵᠠᠷ ᠤᠨ ᠲᠦᠷᠦᠯ ᠂ ᠭᠠᠵᠠᠷ ᠤᠨ ᠲᠥᠷᠬᠦ ᠶᠢ ᠬᠤᠪᠢᠷᠠᠭᠤᠯᠵᠤ ᠪᠣᠯᠬᠤ ᠦᠭᠡᠢ ᠂ ᠲᠠᠷᠢᠶᠠᠯᠠᠬᠤ ᠭᠠᠵᠠᠷ ᠂ ᠬᠠᠰᠢᠶ᠎ᠠ ᠬᠦᠷᠢᠶᠡᠯᠡᠩ ᠵᠠᠪᠳᠤᠨ ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠤᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠣᠢ ᠮᠣᠳᠣ ᠵᠠᠪᠳᠤᠨ ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ ᠃
ᠳᠥᠷᠪᠡ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠣᠯᠠᠨ ᠲᠦᠮᠡᠨ ᠤ ᠬᠡᠪ ᠤᠨ ᠦᠢᠯᠡᠳᠪᠦᠷᠢᠯᠡᠯ ᠠᠮᠢᠳᠤᠷᠠᠯ ᠳᠤ ᠨᠢ ᠳᠡᠩᠳᠡᠭᠦᠦ ᠶᠡᠭᠡ ᠨᠥᠯᠥᠭᠡ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭ᠎ᠠ ᠲᠠᠢ ᠂ ᠦᠨᠡᠨ ᠬᠦ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠳᠤ ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ ᠂ ᠬᠤᠰᠢᠭᠤᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠵᠤ ᠪᠣᠯᠣᠨ᠎ᠠ ᠃
ᠲᠠᠪᠤ ᠂ ᠥᠪᠥᠷᠵᠢᠯᠠᠭ᠎ᠠ ᠴᠥᠭᠦᠷᠥᠮ ᠤᠨ ᠪᠠᠷᠢᠯᠭ᠎ᠠ ᠶᠢᠨ ᠤᠰᠤᠨ ᠲᠦᠯᠬᠢᠯᠲᠡ ᠶᠢᠨ ᠣᠷᠣᠨ ᠬᠢᠭᠡᠳ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠬᠡᠪᠴᠢᠶᠡᠨ ᠳᠠᠬᠢ ᠡᠷᠥᠭᠡ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠤᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ ᠃ ᠲᠦᠷᠦᠭᠰᠡᠨ ᠂ ᠤᠷᠤᠭᠯᠠᠭᠰᠠᠨ ᠂ ᠴᠡᠷᠢᠭ ᠠᠴᠠ ᠬᠠᠯᠠᠭᠳᠠᠭᠰᠠᠨ ᠪᠠ ᠪᠠᠭᠤᠭᠰᠠᠨ ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠥᠰ ᠵᠡᠷᠭᠡ ᠨᠤᠲᠤᠭ ᠲᠤ ᠪᠠᠨ ᠪᠤᠴᠠᠭᠰᠠᠨ ᠬᠥᠮᠥᠰ ᠠᠴᠠ ᠪᠤᠰᠤᠳ ᠲᠤ ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠯ᠎ᠡ ᠲᠦᠷᠦᠯ ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ ᠢ ᠭᠦᠢᠴᠡᠳᠬᠡᠵᠦ ᠪᠣᠯᠬᠤ ᠦᠭᠡᠢ ᠃
ᠵᠢᠷᠭᠤᠭ᠎ᠠ ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠲᠠᠰᠢᠷᠠᠮ ᠢ ᠠᠰᠢᠭᠯᠠᠨ ᠤᠯᠠᠨ ᠲᠦᠮᠡᠨ ᠢ ᠥᠳᠥᠭᠡᠵᠦ ᠬᠡᠷᠡᠭ ᠲᠠᠲᠠᠭᠰᠠᠨ ᠂ ᠭᠠᠵᠠᠷ ᠰᠢᠷᠣᠢ ᠲᠠᠲᠠᠪᠤᠷᠢᠯᠠᠵᠤ ᠨᠡᠭᠦᠯᠭᠡᠨ ᠰᠢᠯᠵᠢᠭᠦᠯᠬᠦ ᠠᠵᠢᠯ ᠳᠤ ᠬᠠᠷᠰᠢ ᠰᠠᠭᠠᠳ ᠤᠴᠠᠷᠠᠭᠤᠯᠤᠭᠰᠠᠨ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃
ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃
2024 ᠣᠨ ᠤ 11 ᠳ᠋ᠦ᠋ᠭᠡᠷ ᠰᠠᠷ᠎ᠠ ᠶᠢᠨ 14 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶