|
1-11 ᠳ᠋ᠦ᠋ᠭᠡᠷ ᠰᠠᠷ᠎ᠠ ᠪᠣᠯᠲᠠᠯᠠᠬᠢ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠤᠯᠤᠰ ᠲᠠᠬᠢ ᠲᠡᠷᠢᠭᠦᠨ ᠪᠠᠶᠢᠷᠢ ᠪᠠᠨ ᠪᠠᠲᠤᠯᠠᠵᠤ ᠭᠠᠳᠠᠭᠰᠢ | ᠬᠦᠷᠭᠡᠭᠰᠡᠨ ᠴᠠᠬᠢᠯᠭᠠᠨ ᠤ ᠬᠡᠮᠵᠢᠶ᠎ᠡ 3000 ᠳ᠋ᠦᠩᠰᠢᠭᠤᠷ ᠺᠢᠯᠣᠸᠠᠲ ᠴᠠᠭ ᠢ ᠳᠠᠪᠠᠭᠰᠠᠨ ᠪᠠᠶᠢᠨ᠎ᠠ |
|
|
ᠨᠡᠶᠢᠲᠡᠯᠡᠭᠰᠡᠨ ᠴᠠᠭ᠄
2024/12/20
|
|
1-11 ᠳ᠋ᠦ᠋ᠭᠡᠷ ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 7373.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠃ ᠲᠥᠷᠥᠯ ᠬᠡᠯᠪᠡᠷᠢ ᠪᠠᠷ ᠨᠢ ᠠᠩᠭᠢᠯᠠᠪᠠᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 5607.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1434 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠪᠡ︔ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 287.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 42.8% ᠪᠠᠷ ᠨᠡᠮᠡᠭᠳᠡᠪᠡ︔ ᠤᠰᠤᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 45.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.5% ᠪᠠᠷ ᠨᠡᠮᠡᠭᠳᠡᠪᠡ᠃ 1-11 ᠳ᠋ᠦ᠋ᠭᠡᠷ ᠰᠠᠷ᠎ᠠ ᠳᠤ᠂ ᠪᠥᠬᠦ ᠣᠷᠣᠨ ᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 3030.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠲᠦᠷᠦᠭᠦᠤ ᠵᠢᠯ ᠤᠨ ᠬᠢ ᠠᠴᠠ ᠤᠷᠢᠳᠴᠢᠯᠠᠨ ᠨᠢᠭᠡ ᠰᠠᠷ᠎ᠠ 3000 ᠳ᠋ᠦᠩᠰᠢᠭᠤᠷ ᠺᠢᠯᠣᠸᠠᠲ ᠴᠠᠭ ᠢ ᠳᠠᠪᠠᠵᠤ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 44.4% ᠶᠢ ᠡᠵᠡᠯᠡᠪᠡ᠃ ︵ᠲᠤᠭ᠎ᠠ ᠪᠦᠷᠢᠳᠭᠡᠯ ᠤᠨ ᠲᠣᠪᠴᠢᠶ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|