ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠴᠡᠩᠭᠡᠭ ᠳᠠᠯᠠᠢ ᠳᠤ ᠳᠠᠷᠪᠠᠭᠤᠯ ᠬᠡᠶᠢᠰᠬᠡᠨ ᠰᠠᠯᠬᠢ ᠶᠢ ᠲᠠᠭᠠᠨ ᠡᠷᠴᠢᠮᠲᠡᠢ ᠤᠷᠤᠭᠰᠢᠯᠠᠵᠤ᠂ ᠬᠤᠤᠵᠢᠶᠠᠩ ᠮᠥᠷᠡᠨ ᠤ ᠬᠥᠪᠡᠭᠡᠨ᠎ᠡ ᠪᠠᠶᠠᠷᠲᠤ ᠳᠠᠭᠤᠤ ᠬᠠᠩᠭᠢᠨᠠᠨ ᠢᠷᠡᠭᠡᠳᠦᠢ ᠪᠠᠨ ᠳᠠᠯᠠᠯᠤᠨ᠎ᠠ᠃ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ 19 ᠤ ᠣᠷᠣᠢ ᠣᠣᠮᠧᠨ ᠤ ᠵᠡᠭᠦᠨ ᠠᠽᠢᠶ᠎ᠠ ᠶᠢᠨ ᠲᠠᠮᠢᠷ ᠤᠨ ᠴᠤᠭᠯᠠᠭᠠᠨ ᠤ ᠲᠠᠮᠢᠷ ᠤᠨ ᠣᠷᠳᠣᠨ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠪᠠ᠃
12 ᠰᠠᠷ᠎ᠠ ᠶᠢᠨ 19 ᠤ ᠣᠷᠣᠢ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠣᠣᠮᠧᠨ ᠤ ᠵᠡᠭᠦᠨ ᠠᠽᠢᠶ᠎ᠠ ᠶᠢᠨ ᠲᠠᠮᠢᠷ ᠤᠨ ᠴᠤᠭᠯᠠᠭᠠᠨ ᠤ ᠲᠠᠮᠢᠷ ᠤᠨ ᠣᠷᠳᠣᠨ ᠳᠤ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠤᠬᠯᠠᠯᠳᠠ ᠶᠢ ᠰᠣᠨᠢᠷᠬᠠᠪᠠ᠃ ᠦᠳᠡᠰᠢᠯᠡᠭᠡ ᠶᠢᠨ ᠡᠴᠦᠰ ᠲᠤ ᠰᠢ ᠶᠢᠨ ᠫᠢᠩ ᠪᠦᠭᠦ ᠲᠠᠯᠠᠪᠠᠢ ᠶᠢᠨ ᠦᠵᠡᠭᠴᠢᠳ ᠲᠠᠢ ᠬᠠᠮᠲᠤ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ
ᠲᠣᠬᠯᠠᠯᠲᠠ ᠶᠢᠨ ᠠᠬᠤᠢ ᠲᠠᠯᠠᠪᠠᠢ ᠳᠤ ᠳ᠋ᠧᠩ ᠤᠨ ᠭᠡᠷᠡᠯ ᠳᠤᠸᠠᠯᠠᠵᠤ᠂ ᠪᠠᠶᠠᠷ ᠭᠦᠷ ᠢᠶᠠᠷ ᠪᠢᠯᠬᠠᠨ᠎ᠠ᠃ 20 ᠴᠠᠭ ᠤᠨ ᠦᠶ᠎ᠡ ᠪᠠᠷ᠂ ᠪᠠᠶᠠᠷ ᠪᠠᠶᠠᠰᠬᠤᠯᠠᠩᠲᠠᠢ ᠠᠶ᠎ᠠ ᠳᠤᠮᠳᠠ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠪᠣᠯᠣᠨ ᠲᠡᠭᠦᠨ ᠤ ᠬᠠᠳᠤᠨ ᠵᠧᠩ ᠰᠦ᠋ ᠵᠧᠨ ᠤ ᠪᠠᠷ᠎ᠠ ᠪᠤᠯᠤᠯᠭ᠎ᠠ ᠲᠠᠢ ᠪᠠᠷ ᠦᠳᠡᠰᠢᠯᠡᠭᠡ ᠶᠢᠨ ᠠᠬᠤᠢ ᠲᠠᠯᠠᠪᠠᠢ ᠳᠤ ᠠᠯᠬᠤᠨ ᠣᠷᠣᠪᠠ᠃ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ ᠠᠯᠠᠭ᠎ᠠ ᠲᠠᠰᠢᠵᠤ᠂ ᠬᠠᠯᠠᠭᠤᠨ ᠢᠶᠠᠷ ᠤᠭᠲᠤᠪᠠ᠃
ᠲᠠᠶᠢᠰᠠᠨ ᠳᠡᠭᠡᠷ᠎ᠡ ᠠᠯᠲᠠᠨ ᠯᠢᠩᠬᠤ᠎ᠠ ᠥᠩᠭᠡ ᠢᠯᠭᠠᠷᠠᠨ ᠳᠡᠯᠭᠡᠷᠡᠵᠦ᠂ ︽ᠪᠢ ᠡᠬᠡ ᠤᠯᠤᠰ ᠲᠠᠢ ᠪᠠᠨ︾᠂ ︽ᠨᠣᠶᠢᠷ ᠦᠭᠡᠢ ᠦᠳᠡᠰᠢ︾ ᠭᠡᠬᠦ ᠠᠶ᠎ᠠ ᠬᠠᠩᠭᠢᠨᠠᠯ᠎ᠠ᠃ ︽ᠲᠤᠯᠤᠭᠠᠨ ᠬᠡᠦᠬᠡᠳ ᠤᠨ ᠳᠠᠭᠤᠯᠠᠯ︾ ᠤᠨ ᠤᠶᠠᠬᠠᠨ ᠠᠶ᠎ᠠ ᠳᠤᠮᠳᠠ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠣᠣᠮᠧᠨ ᠤ ᠬᠤᠳᠠ ᠶᠢᠨ ᠠᠷᠠᠳ ᠤᠨ ᠲᠥᠯᠥᠭᠡᠯᠡᠭᠴᠢ ᠣᠣᠮᠧᠨ ᠲᠠᠢ ᠬᠠᠮᠲᠤ ᠪᠠᠷ ᠦᠰᠦᠨ ᠪᠣᠶᠢᠵᠢᠭᠰᠠᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢᠶᠠᠨ ᠤᠶᠠᠩᠭᠠᠯᠠᠨ ᠢᠯᠡᠳᠬᠡᠪᠡ᠃ ᠵᠠᠯᠠᠭᠤ ᠨᠠᠰᠤᠨ ᠤ ᠳᠠᠭᠤᠯᠠᠯᠳᠤ ᠪᠥᠵᠢᠭ ︽ᠣᠣᠮᠧᠨ ᠲᠠ ᠰᠠᠶᠢᠨ ᠪᠠᠶᠢᠨ᠎ᠠ ᠦᠦ︾ ᠨᠢ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠯᠡᠷᠡᠭᠦᠯᠵᠦ᠂ ᠬᠥᠭᠵᠢᠮ ᠤᠨ ᠲᠣᠬᠯᠠᠯᠲᠠ ︽ᠴᠡᠩᠭᠡᠭ ᠳᠠᠯᠠᠢ ᠶᠢᠨ ᠰᠢᠨ᠎ᠡ ᠡᠭᠡᠰᠢᠭᠯᠡᠩ︾ ᠨᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠵᠢᠷᠤᠭ ᠲᠥᠰᠥᠪ ᠢ ᠵᠢᠷᠤᠭᠯᠠᠪᠠ᠃ ᠳᠠᠭᠤᠤ ᠬᠥᠭᠵᠢᠮ ᠤᠨ ᠣᠬᠤᠷ ᠵᠦᠴᠦᠭᠡ ︽︿AI﹀ ᠾᠧᠩ ᠴᠢᠨ ᠳᠤ ᠳᠡᠯᠭᠡᠷᠡᠪᠡ︾ ᠨᠢ ᠣᠣᠮᠧᠨ ᠤ ᠰᠠᠭᠤᠭᠠᠯᠢ ᠠᠷᠠᠳ ᠤᠨ ᠬᠠᠷᠠᠭᠠᠰᠤ ᠠᠴᠠ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠭᠤᠸᠠᠩᠳᠦ᠋ᠩ ᠤᠨ ᠳᠠᠭᠤᠤ ︽ᠯᠢᠩᠬᠤ᠎ᠠ ᠴᠡᠴᠡᠭ · ᠲᠡᠷᠭᠡᠯ ᠰᠠᠷᠠᠨ ᠲᠠᠯᠠᠢ ᠶᠢᠨ ᠬᠥᠪᠡᠭᠡᠨ᠎ᠡ ᠮᠠᠨᠳᠤᠨᠠᠮ︾ ᠨᠢ ᠤᠯᠠᠮᠵᠢᠯᠠᠯᠲᠤ ᠭᠤᠸᠠᠩᠳᠦ᠋ᠩ ᠵᠦᠴᠦᠭᠡ᠂ ᠳᠠᠭᠤᠤ ᠪᠥᠵᠢᠭ ᠢ ᠠᠭᠤᠰᠤᠯᠴᠠᠭᠤᠯᠵᠤ᠂ ᠡᠶ᠎ᠡ ᠵᠣᠬᠢᠴᠠᠩᠭᠤᠢ ᠵᠣᠯ ᠵᠢᠷᠭᠠᠯᠲᠤ ᠣᠣᠮᠧᠨ ᠢ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠦ᠂ ᠪᠥᠵᠢᠭ ︽ᠠᠷᠰᠯᠠᠨ ᠪᠥᠵᠢᠭᠯᠡᠭᠦᠯᠦᠭᠰᠡᠨ ᠳᠣᠷᠣᠨᠠᠳᠠᠬᠢᠨ︾ ᠪᠣᠯᠣᠨ ᠳᠠᠭᠤᠤ ︽ᠤᠳᠤᠮ ᠤᠯᠠᠮᠵᠢᠯᠠᠯ︾ ᠨᠢ ᠰᠣᠶᠣᠯ ᠤᠨ ᠤᠯᠠᠮᠵᠢᠯᠠᠯ ᠬᠥᠭᠵᠢᠯᠲᠡ ᠶᠢᠨ ᠤᠬᠠᠮᠰᠠᠷᠲᠤ ᠢᠲᠡᠭᠡᠯ ᠢ ᠢᠯᠡᠷᠡᠭᠦᠯᠪᠡ᠃ ᠦᠵᠡᠭᠳᠡᠯᠲᠦ ᠵᠦᠴᠦᠭᠡ ︽ᠡᠬᠡ ᠤᠯᠤᠰ ᠲᠠᠢ ᠪᠠᠨ ᠬᠠᠮᠲᠤ ᠦᠰᠦᠨ ᠪᠣᠶᠢᠵᠢᠨᠠᠮ︾ ᠨᠢ ᠰᠢᠨ᠎ᠡ ᠴᠠᠭ ᠦᠶ᠎ᠡ ᠶᠢᠨ ᠣᠣᠮᠧᠨ ᠤ ᠬᠥᠭᠵᠢᠯᠲᠡ ᠶᠢᠨ ᠰᠡᠳᠬᠢᠯ ᠳᠣᠭᠳᠣᠯᠤᠭᠤᠯᠤᠮ᠎ᠠ ᠴᠠᠭ ᠮᠥᠴᠡ ᠶᠢ ᠠᠮᠢᠳᠤᠯᠢᠭ ᠢᠶᠠᠷ ᠢᠯᠡᠷᠡᠭᠦᠯᠵᠦ᠂ ᠨᠠᠶᠢᠷᠠᠯ ᠳᠠᠭᠤᠤ ︽ᠡᠬᠡ ᠤᠯᠤᠰ ᠲᠠᠨ ᠳᠠᠭᠠᠨ ᠪᠢ ᠬᠠᠶᠢᠷᠠᠲᠠᠢ︾ ᠨᠢ ᠣᠣᠮᠧᠨ ᠤ ᠠᠬ᠎ᠠ ᠳᠡᠭᠦᠦ ᠨᠠᠷ ᠤᠨ ᠡᠬᠡ ᠤᠯᠤᠰ ᠤᠨ ᠢᠶᠠᠨ ᠲᠤᠬᠠᠢ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠳᠬᠡᠵᠡᠢ᠃ ᠪᠦᠭᠦᠶᠢᠯᠡ ᠦᠳᠡᠰᠢᠯᠡᠭᠡ ᠭᠤᠶᠢᠳᠠ ᠰᠠᠶᠢᠬᠠᠨ ᠶᠠᠪᠤᠭᠳᠠᠵᠤ᠂ ᠦᠵᠡᠭᠴᠢᠳ ᠤᠨ ᠨᠢᠵᠢᠭᠢᠨᠡᠭᠰᠡᠨ ᠠᠯᠠᠭ᠎ᠠ ᠲᠡᠰᠢᠯᠲᠡ ᠪᠣᠯᠣᠨ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃
ᠦᠳᠡᠰᠢᠯᠡᠭᠡ ᠶᠢᠨ ᠡᠴᠦᠰ ᠲᠤ ᠰᠢ ᠶᠢᠨ ᠫᠢᠩ ᠪᠦᠭᠦ ᠲᠠᠯᠠᠪᠠᠢ ᠶᠢᠨ ᠦᠵᠡᠭᠴᠢᠳ ᠲᠠᠢ ᠬᠠᠮᠲᠤ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠶᠢ ᠵᠥᠩᠨᠡᠵᠦ᠂ ᠣᠣᠮᠧᠨ ᠤ ᠮᠠᠷᠭᠠᠰᠢ ᠨᠡᠩ ᠰᠠᠶᠢᠨ ᠰᠠᠶᠢᠬᠠᠨ ᠪᠤᠯᠬᠤ ᠶᠢ ᠵᠥᠩᠨᠡᠪᠡ᠃ ᠰᠢ ᠶᠢᠨ ᠫᠢᠩ ᠪᠦᠭᠦ ᠲᠣᠭᠯᠠᠭᠴᠢᠳ ᠪᠣᠯᠣᠨ ᠦᠵᠡᠭᠴᠢᠳ ᠲᠠᠢ ᠭᠠᠷ ᠳᠠᠯᠠᠯᠤᠨ ᠮᠡᠨᠳᠦᠴᠢᠯᠡᠬᠦ ᠳᠤ ᠦᠳᠡᠰᠢᠯᠡᠭᠡ ᠶᠢᠨ ᠠᠭᠤᠷ ᠠᠮᠢᠰᠬᠤᠯ ᠤᠷᠭᠢᠯ ᠳᠠᠭᠠᠨ ᠬᠦᠷᠴᠦ᠂ ᠳᠠᠭᠤᠯᠠᠬᠤ ᠲᠠᠭᠤᠨ ᠪᠣᠯᠣᠨ ᠠᠯᠠᠭ᠎ᠠ ᠲᠡᠰᠢᠯᠲᠡ ᠶᠢᠨ ᠲᠠᠭᠤᠨ ᠪᠠᠶᠠᠷ ᠪᠠᠶᠠᠰᠤᠯ ᠤᠨ ᠲᠠᠯᠠᠢ ᠪᠣᠯᠵᠤ ᠨᠡᠶᠢᠯᠡᠯᠳᠦᠯᠡ᠃
ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠰᠢᠶᠣᠣ ᠬᠤᠩ᠂ ᠸᠠᠩ ᠳ᠋ᠦᠩ ᠹᠧᠩ᠂ ᠰᠢᠶᠠ ᠪᠦᠦ ᠯᠦᠩ ᠨᠠᠷ ᠲᠣᠬᠯᠠᠯᠲᠠ ᠶᠢ ᠬᠠᠮᠲᠤ ᠪᠠᠷ ᠰᠣᠨᠢᠷᠬᠠᠪᠠ᠃
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ᠂ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠵᠢᠴᠢ ᠣᠣᠮᠧᠨ ᠤ ᠡᠯ᠎ᠡ ᠡᠲᠡᠭᠡᠳ ᠤᠨ ᠲᠥᠯᠥᠭᠡᠯᠡᠭᠴᠢᠳ ᠪᠣᠯᠣᠨ ᠣᠨᠴᠠ ᠤᠷᠢᠭᠰᠠᠨ ᠬᠦᠨᠳᠦᠲᠦ ᠵᠣᠴᠢᠳ ᠲᠣᠬᠯᠠᠯᠲᠠ ᠶᠢ ᠰᠣᠨᠢᠷᠬᠠᠵᠠᠢ᠃