ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ 19 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ ᠪᠠᠶᠢᠴᠠᠭᠠᠪᠠ᠃
19 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ ᠪᠠᠶᠢᠴᠠᠭᠠᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ
ᠾᠧᠩ ᠴᠢᠨ ᠭᠤᠸᠠᠩᠳᠦ᠋ᠩ ᠤᠨ ᠵᠦᠬᠠᠢ ᠶᠢᠨ ᠡᠮᠦᠨ᠎ᠡ ᠦᠵᠦᠭᠦᠷ ᠲᠤ ᠪᠠᠶᠢᠷᠢᠯᠠᠵᠤ᠂ ᠣᠣᠮᠧᠨ ᠲᠠᠢ ᠭᠤᠣᠯ ᠮᠥᠷᠡᠨ ᠢᠶᠠᠷ ᠠᠯᠤᠰᠯᠠᠵᠤ᠂ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠨ ᠬᠥᠭᠵᠢᠬᠦ ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠾᠧᠩ ᠴᠢᠨ ᠳᠤ ᠤᠯᠠᠨ ᠤᠳᠠᠭ᠎ᠠ ᠰᠢᠨᠵᠢᠯᠡᠨ ᠪᠠᠶᠢᠴᠠᠭᠠᠵᠤ᠂ ᠾᠧᠩ ᠴᠢᠨ ᠤ ᠬᠥᠭᠵᠢᠯᠲᠡ ᠳᠤ ᠴᠢᠭᠯᠡᠯ ᠢ ᠲᠣᠭᠲᠠᠭᠠᠵᠤ ᠥᠭᠴᠡᠢ᠃ 2021 ᠣᠨ ᠤ 9 ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠥᠯ︾ ᠢ ᠨᠡᠶᠢᠲᠡᠯᠡᠵᠦ᠂ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠵᠢᠷᠤᠭ ᠲᠥᠰᠥᠪ ᠢ ᠵᠢᠷᠤᠭᠯᠠᠪᠠ᠃
ᠾᠧᠩ ᠴᠢᠨ ᠤ ᠲᠢᠶᠠᠨ ᠮᠦ ᠴᠢᠨ ᠲᠠᠢ ᠦᠵᠡᠭᠦᠯᠭᠡ ᠶᠢᠨ ᠲᠢᠩᠬᠢᠮ ᠳᠤ ᠰᠢ ᠶᠢᠨ ᠫᠢᠩ ︽ᠾᠧᠩ ᠴᠢᠨ ᠣᠣᠮᠧᠨ ᠤ ᠬᠠᠮᠲᠤ ᠶᠢᠨ ᠳᠠᠭᠤᠯᠠᠯ – ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠭᠤᠣᠯ ᠰᠡᠳᠦᠪᠲᠦ ᠦᠵᠡᠭᠦᠯᠭᠡ︾ ᠶᠢ ᠲᠣᠭᠤᠷᠢᠨ ᠦᠵᠡᠪᠡ᠃ ᠦᠵᠡᠭᠦᠯᠭᠡ ᠶᠢᠨ ᠲᠢᠩᠬᠢᠮ ᠳᠤ ᠭᠡᠷᠡᠯ ᠵᠢᠷᠤᠭ ᠤᠳ᠂ ᠬᠦᠰᠦᠨᠦᠭᠲᠦ ᠨᠦᠭᠦᠳ᠂ ᠪᠣᠳᠠᠲᠤ ᠪᠣᠳᠠᠰ ᠤᠨ ᠵᠠᠭᠪᠤᠷ ᠤᠳ ᠨᠢ ᠾᠧᠩ ᠴᠢᠨ ᠣᠣᠮᠧᠨ ᠤ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠳᠠᠯ ᠪᠣᠯᠣᠨ ᠣᠶᠢᠷ᠎ᠠ ᠶᠢᠨ ᠵᠢᠯ ᠠᠴᠠ ᠨᠠᠭᠠᠰᠢᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠱᠠᠲᠤᠴᠢ ᠴᠢᠨᠠᠷᠲᠠᠢ ᠦᠷ᠎ᠡ ᠪᠦᠲᠦᠭᠡᠯ ᠢ ᠠᠮᠢᠳᠤᠯᠢᠭ ᠢᠶᠠᠷ ᠦᠵᠡᠭᠦᠯᠵᠦ᠂ ᠰᠢ ᠶᠢᠨ ᠫᠢᠩ ᠪᠠᠶᠢᠨ ᠪᠠᠶᠢᠨ ᠵᠣᠭᠰᠣᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ ᠪᠠᠶᠢᠯ᠎ᠠ᠃ ᠰᠢ ᠶᠢᠨ ᠫᠢᠩ ᠂ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠪᠠᠶᠢᠭᠤᠯᠤᠭᠳᠠᠭᠰᠠᠨ 3 ᠵᠢᠯ ᠭᠠᠷᠤᠢ ᠶᠢᠨ ᠲᠤᠷᠰᠢ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠾᠧᠩ ᠴᠢᠨ ᠣᠣᠮᠧᠨ ᠤ ᠨᠢᠭᠡ ᠴᠣᠭᠴᠠᠵᠢᠭᠰᠠᠨ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ᠂ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠃ ᠲᠥᠪ ᠠᠴᠠ ᠾᠧᠩ ᠴᠢᠨ ᠢ ᠨᠡᠭᠡᠭᠡᠨ ᠬᠥᠭᠵᠢᠭᠦᠯᠵᠦ᠂ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠪᠠᠷ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠭᠡᠳᠡᠭ ᠢ ᠦᠢᠯᠡᠳᠦᠯᠭᠡ ᠭᠡᠷᠡᠴᠢᠯᠡᠪᠡ ᠭᠡᠵᠦ ᠢᠯᠡᠳᠬᠡᠵᠡᠢ᠃
19 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠤᠨ ᠪᠠᠷ᠎ᠠ ᠪᠤᠯᠤᠯᠭ᠎ᠠ ᠲᠠᠢ ᠪᠠᠷ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠳᠤ ᠰᠢᠨᠵᠢᠯᠡᠨ ᠪᠠᠶᠢᠴᠠᠭᠠᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ
ᠰᠢ ᠶᠢᠨ ᠫᠢᠩ ᠭᠤᠸᠠᠩᠳᠦ᠋ᠩ ᠣᠣᠮᠧᠨ ᠤ ᠬᠢᠲᠠᠳ ᠡᠮ ᠡᠮᠨᠡᠯᠭᠡ ᠶᠢᠨ ᠳᠡᠭᠡᠳᠦ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠲᠠᠪᠴᠠᠩ ᠢ ᠬᠠᠮᠲᠤ ᠪᠠᠷ ᠪᠦᠲᠦᠭᠡᠨ ᠪᠠᠶᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠡᠳᠡᠨ ᠤ ᠣᠯᠠᠨ ᠰᠢᠨᠵᠢᠯᠡᠭᠡᠨ ᠤ ᠰᠠᠯᠠᠭ᠎ᠠ ᠶᠢᠨ ᠲᠡᠷᠢᠭᠦᠨ ᠤ ᠮᠡᠷᠭᠡᠵᠢᠯ ᠢ ᠨᠡᠶᠢᠳᠬᠡᠵᠦ᠂ ᠬᠢᠲᠠᠳ ᠡᠮ ᠡᠮᠨᠡᠯᠭᠡ ᠶᠢᠨ ᠳᠡᠯᠡᠬᠡᠢ ᠳᠤ ᠭᠠᠷᠬᠤ ᠳᠤ ᠬᠦᠴᠦᠨ ᠨᠡᠮᠡᠷᠢᠯᠡᠬᠦ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠣᠣᠮᠧᠨ ᠤ ᠰᠢᠨ ᠵᠢᠶᠧ ᠹᠠᠩ ᠪᠣᠯ ᠾᠧᠩ ᠴᠢᠨ ᠤ ᠠᠩᠬᠠᠳᠠᠭᠴᠢ ᠣᠣᠮᠧᠨ ᠤ ᠰᠠᠭᠤᠭᠠᠯᠢ ᠠᠷᠠᠳ ᠲᠤ ᠪᠠᠶᠢᠭᠤᠯᠵᠤ ᠥᠭᠭᠦᠭᠰᠡᠨ ᠶᠡᠷᠦᠩᠬᠡᠶᠢᠯᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠲᠦᠷᠦᠯ ᠵᠦᠢᠯ ᠤᠨ ᠦᠵᠡᠭᠦᠯᠭᠡ ᠶᠢᠨ ᠲᠣᠭᠤᠷᠢᠭ ᠤᠨ ᠡᠮᠦᠨ᠎ᠡ ᠰᠢ ᠶᠢᠨ ᠫᠢᠩ ᠠᠳᠡ ᠰᠠᠭᠤᠭ᠎ᠠ ᠬᠤᠳᠠ ᠶᠢᠨ ᠠᠷᠠᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠵᠠᠯᠠᠭᠤ ᠦᠢᠯᠡᠰ ᠪᠣᠰᠬᠠᠭᠴᠢᠳ ᠤᠨ ᠲᠥᠯᠥᠭᠡᠯᠡᠭᠴᠢ ᠶᠢᠨ ᠣᠣᠮᠧᠨ ᠠᠴᠠ ᠾᠧᠩ ᠴᠢᠨ ᠳᠤ ᠢᠷᠡᠵᠦ ᠦᠢᠯᠡᠰ ᠪᠣᠰᠬᠠᠭᠰᠠᠨ ᠥᠩᠭᠡᠷᠡᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠂ ᠲᠠ ᠨᠠᠷ ᠤᠨ ᠰᠢᠨ᠎ᠡ ᠶᠢ ᠡᠭᠦᠳᠴᠦ ᠦᠢᠯᠡᠰ ᠪᠣᠰᠬᠠᠭᠰᠠᠨ ᠦᠯᠢᠭᠡᠷ ᠨᠢ ᠣᠣᠮᠧᠨ ᠳᠤ ᠨᠢᠭᠡ ᠪᠦᠯᠦᠭ ᠬᠦᠰᠡᠯᠡᠩ ᠲᠠᠢ᠂ ᠬᠠᠷᠢᠭᠤᠴᠠᠯᠭ᠎ᠠ ᠡᠭᠦᠷᠭᠡᠯᠡᠯ ᠲᠠᠢ᠂ ᠵᠣᠷᠢᠭᠲᠠᠢ ᠪᠠᠷ ᠬᠠᠶᠢᠨ ᠰᠦᠪᠡᠭᠴᠢᠯᠡᠬᠦ ᠪᠠ ᠰᠢᠨ᠎ᠡ ᠶᠢ ᠡᠭᠦᠳᠬᠦ ᠵᠠᠯᠠᠭᠤᠴᠤᠳ ᠪᠠᠶᠢᠬᠤ ᠶᠢ ᠬᠠᠷᠠᠭᠤᠯᠵᠤ ᠪᠠᠶᠢᠨ᠎ᠠ᠂ ᠾᠧᠩ ᠴᠢᠨ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠨᠢ ᠲᠠ ᠨᠠᠷ ᠤᠨ ᠠᠵᠢᠯ ᠬᠢᠵᠦ ᠦᠢᠯᠡᠰ ᠪᠣᠰᠬᠠᠬᠤ ᠳᠤ ᠥᠷᠭᠡᠨ ᠠᠭᠤᠳᠠᠮ ᠣᠷᠣᠨ ᠵᠠᠢ ᠪᠠ ᠠᠵᠠ ᠲᠣᠭᠢᠶᠠᠯ ᠬᠠᠩᠭᠠᠵᠠᠢ᠂ ᠠᠳᠡ ᠶᠡᠭᠡ ᠦᠢᠯᠡᠰ ᠪᠦᠲᠦᠭᠡᠵᠦ ᠪᠣᠯᠣᠨ᠎ᠠ᠂ ᠣᠣᠮᠧᠨ ᠤ ᠨᠡᠩ ᠤᠯᠠᠨ ᠵᠠᠯᠠᠭᠤᠴᠤᠳ ᠾᠧᠩ ᠴᠢᠨ ᠳᠤ ᠭᠤᠶᠢᠳᠠ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
ᠰᠢ ᠶᠢᠨ ᠫᠢᠩ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠢᠯᠡᠴᠢᠯᠡᠭᠡ ᠵᠡᠷᠭᠡ ᠡᠯ᠎ᠡ ᠲᠠᠯ᠎ᠠ ᠶᠢᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ︽ᠣᠣᠮᠧᠨ + ᠾᠧᠩ ᠴᠢᠨ︾ ᠶᠠᠭ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠵᠢᠱᠢᠶ᠎ᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠢᠨ᠎ᠡ ᠥᠨᠳᠦᠷᠯᠢᠭ᠂ ᠤᠯᠤᠰ ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠡᠶᠡᠯᠡᠭᠦᠯᠬᠦ ᠰᠢᠨ᠎ᠡ ᠲᠠᠪᠴᠠᠩ ᠪᠣᠯᠵᠤ ᠪᠠᠶᠢᠨ᠎ᠠ᠃ ᠲᠠ ᠨᠠᠷ ᠪᠣᠯ ᠾᠧᠩ ᠴᠢᠨ ᠤ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ᠂ ᠪᠣᠳᠠᠲᠠᠢ ᠠᠵᠢᠯᠯᠠᠭᠴᠢ ᠮᠥᠨ᠂ ᠤᠯᠤᠰ ᠪᠣᠯᠣᠨ ᠣᠣᠮᠧᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠪᠡ ᠭᠡᠵᠦ ᠢᠯᠡᠳᠬᠡᠵᠡᠢ᠃
ᠰᠢ ᠶᠢᠨ ᠫᠢᠩ ᠂ ᠾᠧᠩ ᠴᠢᠨ ᠢ ᠨᠡᠭᠡᠭᠡᠨ ᠬᠥᠭᠵᠢᠭᠦᠯᠦᠭᠰᠡᠨ ᠤ ᠤᠭ ᠰᠠᠨᠠᠭ᠎ᠠ ᠪᠣᠯ ᠳᠠᠷᠤᠢ ᠣᠣᠮᠧᠨ ᠤ ᠠᠵᠤ ᠠᠬᠤᠢ ᠶᠢ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠨ ᠬᠥᠭᠵᠢᠭᠦᠯᠬᠦ ᠶᠢᠨ ᠲᠥᠯᠥᠭᠡ ᠭᠡᠳᠡᠭ ᠢ ᠵᠠᠪᠠᠯ ᠪᠠᠲᠤ ᠴᠡᠭᠡᠵᠢᠯᠡᠬᠦ ᠬᠡᠷᠡᠭᠲᠡᠢ᠃ ᠲᠥᠯᠦᠪᠵᠢᠭᠦᠯᠭᠡ ᠶᠢ ᠡᠷᠡᠰ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠬᠤ ᠶᠢ ᠪᠠᠷᠢᠮᠲᠠᠯᠠᠬᠤ ᠬᠡᠷᠡᠭᠲᠡᠢ᠃ ᠬᠠᠮᠲᠤᠷᠠᠯᠴᠠᠭᠠᠨ ᠤ ᠣᠷᠣᠨ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠳᠤ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠶᠢ ᠠᠬᠢᠭᠤᠯᠬᠤ᠂ ᠣᠣᠮᠧᠨ ᠤ ᠰᠠᠭᠤᠭᠠᠯᠢ ᠠᠷᠠᠳ ᠤᠨ ᠠᠮᠢᠳᠤᠷᠠᠯ ᠠᠵᠢᠯ ᠣᠯᠭᠤᠯᠲᠠ ᠳᠤ ᠲᠦᠭᠦᠮ ᠦᠵᠡᠭᠦᠯᠭᠦ ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠪᠠ ᠦᠷ᠎ᠡ ᠪᠦᠲᠦᠭᠡᠯ ᠪᠠᠶᠢᠬᠤ ᠡᠰᠡᠬᠦ ᠶᠢ ᠦᠵᠡᠬᠦ ᠭᠡᠷᠡᠭᠲᠡᠢ︔ ︽ᠬᠤᠶᠠᠷ ᠪᠠᠶᠢᠭᠤᠯᠤᠯ︾ ᠤᠨ ᠠᠰᠢᠭ ᠢ ᠪᠠᠳᠠᠷᠠᠭᠤᠯᠵᠤ᠂ ᠬᠤᠶᠠᠷ ᠭᠠᠵᠠᠷ ᠤᠨ ᠳᠦᠷᠢᠮ ᠤᠨ ᠵᠣᠯᠭᠠᠯᠴᠠᠭ᠎ᠠ ᠪᠠ ᠲᠣᠭᠲᠠᠴᠠ ᠶᠢᠨ ᠵᠣᠯᠭᠠᠯᠴᠠᠭ᠎ᠠ ᠶᠢ ᠠᠬᠢᠭᠤᠯᠬᠤ ᠲᠠᠯ᠎ᠠ ᠪᠠᠷ ᠳᠦᠷᠢᠮ ᠤᠨ ᠴᠢᠨᠠᠷᠲᠠᠢ ᠰᠢᠨ᠎ᠡ ᠦᠷ᠎ᠡ ᠪᠦᠲᠦᠭᠡᠯ ᠡᠭᠦᠳᠦᠭᠰᠡᠨ ᠡᠰᠡᠬᠦ ᠶᠢ ᠦᠵᠡᠬᠦ ᠭᠡᠷᠡᠭᠲᠡᠢ︔ ᠾᠧᠩ ᠴᠢᠨ ᠣᠣᠮᠧᠨ ᠢ ᠨᠢᠭᠡ ᠴᠣᠭᠴᠠᠵᠢᠭᠤᠯᠬᠤ ᠪᠠᠷ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠦᠢᠯᠡᠳᠦᠯ ᠢ ᠪᠠᠳᠠᠷᠠᠭᠤᠯᠤᠭᠰᠠᠨ ᠡᠰᠡᠬᠦ ᠶᠢ ᠦᠵᠡᠬᠦ ᠬᠡᠷᠡᠭᠲᠡᠢ᠃ ᠭᠤᠸᠠᠩᠳᠦ᠋ᠩ᠂ ᠵᠦᠬᠠᠢ᠂ ᠣᠣᠮᠧᠨ ᠪᠣᠯ ᠴᠥᠮ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠪᠢ ᠨᠡᠮᠡᠷᠢ ᠦᠵᠡᠭᠦᠯᠦᠭᠴᠢ ᠪᠠ ᠠᠰᠢᠭ ᠭᠦᠷᠳᠡᠭᠴᠢ ᠮᠥᠨ᠂ ᠴᠥᠮ ᠡᠨᠡ ᠬᠦ ᠬᠠᠷᠠᠯᠲᠠ ᠲᠡᠶᠢᠰᠢ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
ᠰᠢ ᠶᠢᠨ ᠫᠢᠩ ᠂ ᠰᠢᠨ᠎ᠡ ᠭᠠᠷᠤᠭ᠎ᠠ ᠳᠡᠭᠡᠷ᠎ᠡ ᠤᠯᠠᠨ ᠢᠶᠠᠷ ᠢᠶᠠᠨ ᠲᠥᠪ ᠤᠨ ᠱᠠᠭᠠᠷᠳᠠᠯᠭ᠎ᠠ ᠶᠣᠰᠣᠭᠠᠷ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ᠃ ᠰᠠᠭᠤᠷᠢ ᠲᠥᠬᠦᠭᠡᠷᠦᠮᠵᠢ ᠶᠢᠨ ︽ᠬᠠᠲᠠᠭᠤ ᠨᠡᠪᠲᠡᠷᠡᠯᠴᠡᠭᠡ︾᠂ ᠳᠦᠷᠢᠮ ᠲᠣᠭᠲᠠᠴᠠ ᠶᠢᠨ ︽ᠵᠥᠭᠡᠯᠡᠨ ᠨᠡᠪᠲᠡᠷᠡᠯᠴᠡᠭᠡ︾᠂ ᠾᠧᠩ ᠴᠢᠨ ᠣᠣᠮᠧᠨ ᠤ ᠰᠠᠭᠤᠭᠠᠯᠢ ᠠᠷᠠᠳ ᠤᠨ ︽ᠰᠡᠳᠬᠢᠯ ᠤᠨ ᠨᠡᠪᠲᠡᠷᠡᠯᠴᠡᠭᠡ︾ ᠶᠢ ᠲᠠᠰᠤᠷᠠᠯᠲᠠ ᠦᠭᠡᠢ ᠴᠢᠩᠭᠠᠳᠬᠠᠵᠤ᠂ ᠾᠧᠩ ᠴᠢᠨ ᠣᠣᠮᠧᠨ ᠤ ᠠᠵᠤ ᠠᠬᠤᠢ ᠳᠡᠭᠡᠳᠦ ᠬᠡᠮᠵᠢᠶ᠎ᠡ ᠪᠠᠷ ᠬᠠᠮᠵᠢᠯᠴᠠᠭᠰᠠᠨ᠂ ᠳᠦᠷᠢᠮ ᠢ ᠭᠦᠨᠵᠡᠭᠡᠢ ᠵᠣᠯᠭᠠᠭᠤᠯᠤᠭᠰᠠᠨ ᠳᠦᠷᠢᠮ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠾᠧᠩ ᠴᠢᠨ ᠣᠣᠮᠧᠨ ᠢ ᠨᠢᠭᠡ ᠴᠣᠭᠴᠠᠵᠢᠭᠤᠯᠬᠤ ᠶᠢ ᠨᠠᠩ ᠥᠨᠳᠥᠷ ᠲᠦᠪᠰᠢᠨ ᠳᠤ ᠬᠦᠷᠭᠡᠬᠦ ᠬᠡᠷᠡᠭᠲᠡᠢ᠃ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠠᠮᠢᠳᠤᠷᠠᠯ ᠤᠨ ᠣᠷᠴᠢᠨ ᠨᠥᠬᠦᠴᠡᠯ ᠢ ᠪᠤᠢ ᠪᠤᠯᠭᠠᠵᠤ᠂ ᠣᠣᠮᠧᠨ ᠤ ᠠᠬ᠎ᠠ ᠳᠡᠭᠦᠦ ᠨᠠᠷ ᠤᠨ ᠠᠳᠡ ᠠᠮᠢᠳᠤᠷᠠᠬᠤ᠂ ᠠᠵᠢᠯ ᠣᠯᠬᠤ᠂ ᠦᠢᠯᠡᠰ ᠪᠣᠰᠬᠠᠬᠤ ᠳᠤ ᠲᠦᠭᠦᠮ ᠦᠵᠡᠭᠦᠯᠭᠦ ᠬᠡᠷᠡᠭᠲᠡᠢ᠃ ᠲᠥᠪ ᠠᠴᠠ ᠣᠯᠭᠤᠭᠰᠠᠨ ᠡᠯ᠎ᠡ ᠵᠦᠢᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠵᠤ᠂ ᠣᠣᠮᠧᠨ ᠤ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠪᠠ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠬᠤᠸᠠᠩ ᠺᠦᠨ ᠮᠢᠩ᠂ ᠸᠠᠩ ᠳ᠋ᠦᠩ ᠹᠧᠩ᠂ ᠰᠢᠶᠠ ᠪᠦᠦ ᠯᠦᠩ ᠨᠠᠷ ᠠᠵᠢᠯᠯᠠᠭ᠎ᠠ ᠳᠤ ᠣᠷᠣᠯᠴᠠᠪᠠ᠃