ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ ᠃
19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠲᠠᠢ ᠠᠭᠤᠯᠵᠠᠪᠠ ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ
ᠰᠢ ᠶᠢᠨ ᠫᠢᠩ ᠾᠧ ᠾᠧᠦ ᠬᠤᠸᠠ ᠪᠣᠯᠣᠨ ᠼᠦᠢ ᠱᠢ ᠠᠨ ᠳᠤ ᠂ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠲᠤᠷᠰᠢ ᠣᠣᠮᠧᠨ ᠳᠤ ᠮᠠᠰᠢ ᠶᠡᠭᠡ ᠬᠤᠪᠢᠷᠠᠯᠲᠠ ᠭᠠᠷᠴᠤ ᠂ ᠠᠮᠵᠢᠯᠲᠠ ᠪᠦᠳᠦᠮᠵᠢ ᠤᠯᠠᠨ ᠤ ᠠᠩᠬᠠᠷᠤᠯ ᠢ ᠲᠠᠲᠠᠵᠠᠢ ᠃ ᠲᠠ ᠨᠠᠷ ᠤᠷᠢᠳ ᠬᠤᠵᠢᠳ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠭᠠᠭᠤᠯᠤᠨ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠵᠤ ᠂ ᠠᠳᠡᠬᠢ ᠠᠯᠤᠰ ᠭᠡᠳᠦ ᠶᠢᠨ ᠬᠥᠭᠵᠢᠯᠲᠡ ᠳᠤ ᠮᠠᠰᠢ ᠰᠠᠶᠢᠨ ᠰᠠᠭᠤᠷᠢ ᠲᠠᠯᠪᠢᠵᠤ ᠥᠭᠴᠡᠢ ᠃ ᠣᠣᠮᠧᠨ ᠥᠨᠥᠳᠥᠷ ᠤᠨ ᠰᠠᠶᠢᠨ ᠰᠠᠶᠢᠬᠠᠨ ᠪᠠᠶᠢᠳᠠᠯ ᠲᠠᠢ ᠪᠣᠯᠤᠭᠰᠠᠨ ᠳᠤ ᠲᠠ ᠨᠠᠷ ᠮᠠᠰᠢ ᠶᠡᠭᠡ ᠬᠤᠪᠢ ᠨᠡᠮᠡᠷᠢ ᠦᠵᠡᠭᠦᠯᠦᠭᠰᠡᠨ ᠶᠤᠮ ᠭᠡᠵᠦ ᠢᠯᠡᠳᠬᠡᠪᠡ ᠃
ᠰᠢ ᠶᠢᠨ ᠫᠢᠩ ᠂ ᠲᠠ ᠨᠠᠷ ᠤᠨ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠥ ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠤ ᠬᠥᠭᠵᠢᠨ ᠪᠤᠵᠠᠭᠠᠶᠢᠷᠠᠬᠤ ᠶᠢ ᠲᠡᠮᠵᠢᠵᠥ ᠂ ᠣᠣᠮᠧᠨ ᠪᠣᠯᠣᠨ ᠳᠣᠲᠣᠷ᠎ᠠ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ ᠂ ᠳᠡᠯᠡᠬᠡᠢ ᠨᠡᠶᠢᠭᠡᠮ ᠳᠤ ᠲᠥᠪ ᠤᠨ ᠴᠢᠭᠯᠡᠯᠲᠡ ᠲᠦᠷᠤ ᠶᠢᠨ ᠪᠣᠳᠣᠯᠭ᠎ᠠ ᠶᠢ ᠤᠬᠠᠭᠤᠯᠵᠤ ᠂ ᠣᠣᠮᠧᠨ ᠤ ᠲᠥᠯᠦᠪᠵᠢᠭᠦᠯᠭᠡ ᠶᠢᠨ ᠵᠢᠷᠤᠭ ᠲᠥᠰᠥᠪ ᠢ ᠲᠠᠨᠢᠯᠴᠠᠭᠤᠯᠵᠤ ᠂ ᠣᠣᠮᠧᠨ ᠤ ᠦᠯᠢᠭᠡᠷ ᠢ ᠰᠠᠶᠢᠲᠤᠷ ᠶᠠᠷᠢᠵᠤ ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ ︾ ᠦᠢᠯᠡᠳᠦᠯᠭᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠦᠷᠭᠦᠯᠵᠢᠯᠡᠨ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠾᠧ ᠾᠧᠦ ᠬᠤᠸᠠ ᠪᠣᠯᠣᠨ ᠼᠦᠢ ᠱᠢ ᠠᠨ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠪᠠ ᠵᠣᠷᠢᠭᠵᠢᠭᠤᠯᠤᠯ ᠳᠤ ᠲᠠᠯᠠᠷᠬᠠᠵᠤ ᠂ ᠣᠣᠮᠧᠨ ᠪᠣᠯᠣᠨ ᠤᠯᠤᠰ ᠲᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ ᠂ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠣᠯᠣᠨ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠨᠡᠶᠢᠭᠡᠮ ᠤᠨ ᠡᠯ᠎ᠡ ᠡᠲᠡᠭᠡᠳ ᠢ ᠪᠦᠯᠬᠦᠮᠳᠡᠭᠦᠯᠦᠨ ᠳᠠᠭᠠᠭᠤᠯᠵᠤ ᠣᠣᠮᠧᠨ ᠤ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠪᠦᠭᠦ ᠬᠦᠴᠦ ᠪᠠᠷ ᠢᠶᠠᠨ ᠳᠡᠮᠵᠢᠨ᠎ᠡ ᠭᠡᠵᠦ ᠢᠯᠡᠳᠬᠡᠪᠡ ᠃
ᠼᠠᠢ ᠴᠢ ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ ᠃