ᠮᠠᠰᠢᠨᠲᠤ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/12/20

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

 ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ ﹇2024﹈ 28 ᠳ᠋ᠤᠭᠠᠷ ᠲᠣᠭᠠᠲᠤ

      

ᠮᠠᠰᠢᠨᠲᠤ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

      

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ᠮᠠᠰᠢᠨᠲᠤ ᠲᠡᠷᠭᠡᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ᠮᠠᠨ ᠤ ᠣᠷᠣᠨ ᠤ ᠮᠠᠰᠢᠨᠲᠤ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃

      ᠨᠢᠭᠡ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ

      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 1 ᠳ᠋ᠦᠩᠰᠢᠭᠤᠷ ᠲᠥᠭᠦᠷᠢᠭ ᠲᠣᠬᠢᠷᠠᠭᠤᠯᠵᠤ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ ᠬᠤᠭᠤᠷᠣᠨᠳᠤ ᠡᠭᠦᠰᠦᠭᠰᠡᠨ ᠪᠥᠭᠡᠳ ᠱᠠᠭᠠᠷᠳᠠᠯᠭ᠎ᠠ ᠳᠤ ᠨᠡᠶᠢᠴᠡᠭᠰᠡᠨ ᠬᠡᠷᠡᠭᠯᠡᠭᠴᠢᠳ ᠤᠨ ᠲᠡᠷᠭᠡ ᠬᠤᠳᠠᠯᠳᠤᠨ ᠠᠪᠬᠤ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠠᠮ ᠬᠦᠦ ᠮᠥᠩᠭᠦ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠬᠤᠶᠠᠷ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ

      2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠴᠡᠭᠡᠲᠦ ᠠᠵᠢᠯ ᠤᠨ ᠲᠡᠷᠭᠡ᠂ ᠲᠤᠰᠬᠠᠢ ᠬᠡᠷᠡᠭᠴᠡᠭᠡᠲᠦ ᠬᠦᠷᠳᠦᠲᠦ ᠮᠧᠬᠠᠨᠢᠭ ᠲᠡᠷᠭᠡᠨ ᠤ ᠲᠡᠷᠭᠡ ᠣᠩᠭᠤᠴᠠᠨ ᠤ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠᠨ ᠤ ᠭᠠᠶᠢᠯᠢ ᠳᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢᠨ 50% ᠪᠠᠷ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠭᠤᠷᠪᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ

      2030 ᠣᠨ ᠪᠣᠯᠬᠤ ᠠᠴᠠ ᠡᠮᠦᠨ᠎ᠡ᠂ ᠬᠤᠶᠠᠷ ᠵᠦᠢᠯ ᠤᠨ ᠳᠦᠷᠢᠮᠲᠦ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠲᠥᠪᠯᠡᠷᠡᠩᠭᠦᠢ ᠪᠠᠷ ᠴᠠᠬᠢᠯᠭᠠᠨ ᠴᠡᠨᠡᠭᠯᠡᠬᠦ ᠪᠡᠯᠡᠳᠬᠡᠮᠵᠢ ᠪᠠᠷ ᠴᠠᠬᠢᠯᠭᠠᠨ ᠬᠡᠷᠡᠭᠯᠡᠬᠦ ᠳᠤ ᠬᠡᠷᠡᠭᠰᠡᠬᠦ ᠬᠡᠮᠵᠢᠶᠡᠨ ︵ᠪᠠᠭᠲᠠᠭᠠᠮᠵᠢ︶ ᠤ ᠴᠠᠬᠢᠯᠭᠠᠨ ᠤ ᠵᠠᠷᠤᠳᠠᠯ ᠢ ᠬᠡᠯᠲᠦᠷᠢᠭᠦᠯᠦᠨ᠎ᠡ᠃ ﹇ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ﹈

      ᠳᠥᠷᠪᠡ᠂ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠳᠡᠮᠵᠢᠨ᠎ᠡ

      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠴᠠᠬᠢᠯᠭᠠᠨ ᠴᠡᠨᠡᠭᠯᠡᠬᠦ ︵ᠵᠠᠯᠭᠠᠬᠤ︶ ᠬᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ ᠳᠤ 4 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠡᠮᠡᠭᠦᠷᠢ ᠣᠯᠭᠤᠨ᠎ᠠ︔ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠴᠡᠨᠡᠭ ᠰᠣᠯᠢᠬᠤ ᠬᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠬᠤᠳᠠᠯᠳᠤᠨ ᠠᠪᠤᠪᠠᠯ᠂ ᠮᠠᠰᠢᠨ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠨᠡᠮᠡᠭᠦᠷᠢ ᠣᠯᠭᠤᠨ᠎ᠠ︔ ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠᠷ ᠪᠣᠳᠣᠵᠤ᠂ ᠰᠢᠲᠠᠭᠠᠯᠭ᠎ᠠ ᠶᠢᠨ ᠲᠣᠰᠣ ︵ᠰᠢᠲᠠᠮᠠᠬᠠᠢ ᠬᠡᠢ︶ ᠰᠢᠲᠠᠭᠠᠬᠤ ᠲᠣᠭᠤᠷᠢᠯᠭ᠎ᠠ ᠲᠦᠷᠢᠶᠡᠰᠦᠨ ᠮᠠᠰᠢᠨ ᠢ ᠬᠡᠷᠡᠭᠯᠡᠭᠡᠨ ᠠᠴᠠ ᠭᠠᠷᠭᠠᠬᠤ ᠬᠤᠭᠤᠴᠠᠭ᠎ᠠ ᠲᠤᠯᠬᠤ ᠠᠴᠠ ᠡᠮᠦᠨ᠎ᠡ 12 ᠰᠠᠷ᠎ᠠ ᠠᠴᠠ ᠢᠯᠡᠭᠦᠦ ᠶᠢᠨ ᠵᠠᠢ ᠳᠤ ᠤᠷᠢᠳᠴᠢᠯᠠᠭᠠᠳ ᠰᠢᠨ᠎ᠡ ᠡᠨᠧᠷᠭᠢ ᠶᠢᠨ ᠲᠣᠭᠤᠷᠢᠯᠭ᠎ᠠ ᠲᠦᠷᠢᠶᠡᠰᠦᠨ ᠮᠠᠰᠢᠨ ᠪᠣᠯᠭᠠᠨ ᠰᠢᠨᠡᠳᠬᠡᠪᠡᠯ᠂ ᠮᠠᠰᠢᠨ ᠲᠡᠷᠭᠡ ᠪᠦᠷᠢ ᠳᠤ 0.5 ᠲᠦᠮᠡᠨ ᠲᠥᠭᠦᠷᠢᠭ ᠨᠡᠮᠡᠵᠦ ᠱᠠᠩᠨᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠲᠠᠪᠤ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠢ ᠳᠡᠮᠵᠢᠨ᠎ᠡ

      ᠡᠯ᠎ᠡ ᠭᠠᠵᠠᠷ ᠣᠷᠣᠨ ᠤ ᠬᠢᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠳᠡᠮᠵᠢᠵᠦ᠂ ᠮᠠᠰᠢᠨ ᠲᠡᠷᠭᠡᠨ ᠤ ᠨᠡᠷᠡᠲᠦ ᠲᠡᠮᠳᠡᠭ ᠤᠨ 4S ᠳᠡᠯᠭᠡᠭᠦᠷ ᠪᠠᠶᠢᠭᠤᠯᠬᠤ ᠪᠡᠯᠡ ᠮᠥᠩᠭᠦᠨ ᠤ ᠱᠠᠩᠨᠠᠯ ᠤᠨ ᠲᠥᠷᠥ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ᠵᠢᠷᠭᠤᠭ᠎ᠠ᠂ ᠮᠠᠰᠢᠨ ᠲᠡᠷᠭᠡ ᠳᠠᠩᠰᠠᠯᠠᠨ ᠲᠡᠮᠳᠡᠭᠯᠡᠬᠦ ᠦᠢᠯᠡᠴᠢᠯᠡᠭᠡᠨ ᠳᠤ ᠳᠦᠭᠦᠮ ᠦᠵᠡᠭᠦᠯᠦᠨ᠎ᠡ

      ᠪᠠᠶᠢᠴᠠᠭᠠᠨ ᠰᠢᠯᠭᠠᠬᠤ᠂ ᠫᠠᠶᠢᠰᠠ ᠠᠪᠬᠤ᠂ ᠳᠠᠭᠠᠳᠬᠠᠯ ᠳᠤ ᠣᠷᠣᠯᠴᠠᠬᠤ ᠵᠡᠷᠭᠡ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠬᠡᠷᠡᠭᠵᠢᠭᠦᠯᠵᠦ᠂ ᠦᠢᠯᠡᠴᠢᠯᠡᠬᠦ ᠴᠠᠭ ᠢᠶᠠᠨ ᠤᠷᠲᠤᠳᠬᠠᠬᠤ᠂ ᠲᠣᠣᠷ ᠴᠡᠭ ᠨᠡᠮᠡᠨ ᠲᠣᠬᠢᠷᠠᠭᠤᠯᠬᠤ ᠪᠠᠷ ᠳᠠᠮᠵᠢᠭᠤᠯᠤᠨ ᠬᠡᠷᠡᠭᠯᠡᠭᠴᠢᠳ ᠤᠨ ᠣᠶᠢᠷ᠎ᠠ ᠬᠠᠪᠢ ᠳᠤ ᠪᠠᠨ ᠲᠡᠷᠭᠡ ᠬᠥᠰᠬᠡ ᠳᠠᠩᠰᠠᠯᠠᠨ ᠲᠡᠮᠳᠡᠭᠯᠡᠭᠦᠯᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢᠨ ᠥᠪᠡᠷᠮᠢᠴᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠫᠠᠶᠢᠰᠠ ᠡᠯᠭᠦᠨ ᠳ᠋ᠤᠭᠠᠷ ᠰᠣᠩᠭᠤᠬᠤ ᠳᠤ ᠥᠪᠡᠷ ᠢᠶᠠᠨ ᠳ᠋ᠤᠭᠠᠷᠯᠠᠵᠤ ᠥᠪᠡᠷ ᠢᠶᠠᠨ ᠰᠣᠩᠭᠤᠬᠤ ᠪᠤᠶᠤ ᠲᠠᠰᠢᠷᠠᠮ ᠢᠶᠠᠷ ᠰᠣᠩᠭᠤᠬᠤ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠃ ᠠᠵᠤ ᠠᠬᠤᠶᠢᠯᠠᠯ ᠲᠥᠪᠯᠡᠷᠡᠩᠭᠦᠢ ᠪᠠᠷ ᠪᠤᠶᠤ ᠬᠤᠪᠢ ᠬᠥᠮᠥᠨ ᠲᠡᠷᠭᠡ ᠬᠥᠰᠬᠡ ᠬᠤᠳᠠᠯᠳᠤᠨ ᠠᠪᠬᠤ ᠭᠤᠶᠤᠴᠢᠯᠠᠯ ᠳᠤᠷᠠᠳᠪᠠᠯ᠂ ᠡᠭᠦᠳᠡ ᠪᠣᠱᠤᠭᠠᠳᠠᠨ ᠬᠦᠷᠴᠦ ᠲᠡᠷᠭᠡ ᠬᠥᠰᠬᠡ ᠪᠠᠶᠢᠴᠠᠭᠠᠨ ᠰᠢᠯᠭᠠᠬᠤ ᠦᠢᠯᠡᠴᠢᠯᠡᠭᠡ ᠬᠠᠩᠭᠠᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶

      ᠳᠣᠯᠤᠭ᠎ᠠ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠎ᠠ

      ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠮᠡᠳᠡᠭᠡ ᠵᠠᠩᠭᠢ ᠶᠢᠨ ︽ᠤᠯᠠᠭᠠᠨ ᠬᠠᠷ᠎ᠠ ᠰᠠᠮᠪᠠᠷ᠎ᠠ︾ ᠶᠢᠨ ᠢᠯᠡ ᠨᠡᠶᠢᠲᠡᠯᠡᠬᠦ ᠠᠵᠢᠯ ᠢ ᠥᠷᠨᠢᠭᠦᠯᠵᠦ᠂ ᠳᠣᠯᠣᠭᠠᠨ ᠬᠤᠨᠤᠭ ᠲᠤ ᠰᠢᠯᠲᠠᠭᠠᠨ ᠦᠭᠡᠢ ᠪᠠᠷ ᠪᠣᠯᠵᠣᠭᠠᠨ ᠤ ᠮᠥᠩᠭᠦ ︵ᠵᠠᠬᠢᠶᠠᠯᠠᠭ᠎ᠠ︶ ᠪᠤᠴᠠᠭᠠᠬᠤ ᠶᠢ ᠠᠮᠠᠯᠳᠠᠭᠰᠠᠨ ᠨᠢᠭᠡᠴᠢ ᠪᠠ ᠭᠠᠷ ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠦᠨᠡᠨᠴᠢ ᠢᠲᠡᠭᠡᠮᠵᠢᠲᠡᠢ ᠬᠡᠷᠡᠭᠯᠡᠭᠡ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠢ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

2024 ᠣᠨ ᠤ 6 ᠳ᠋ᠤᠭᠠᠷ ᠰᠠᠷ᠎ᠠ ᠶᠢᠨ 13 ᠤ ᠡᠳᠦᠷ

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2024 ᠣᠨ ᠤ 6 ᠳ᠋ᠤᠭᠠᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ