ᠵᠡᠭᠦᠨᠭᠠᠷ ᠬᠤᠰᠢᠭᠤ 600 ᠭᠠᠷᠤᠢ ᠳ᠋ᠦᠩᠰᠢᠭᠤᠷ ᠲᠥᠭᠦᠷᠢᠭ ᠤᠨ ᠨᠡᠭᠦᠷᠡᠰᠦᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠪᠡᠯᠡ ᠮᠥᠩᠭᠦᠨ ᠤ ᠲᠠᠲᠠᠭᠠᠯ ᠢ ᠠᠵᠢᠯᠯᠠᠭᠤᠯᠵᠤ ᠡᠬᠢᠯᠡᠭᠦᠯᠪᠡ
ᠨᠡᠶᠢᠲᠡᠯᠡᠭᠰᠡᠨ ᠴᠠᠭ᠄
2024/12/20

      12 ᠳ᠋ᠤᠭᠠᠷ ᠰᠠᠷ᠎ᠠ ᠶᠢᠨ 18 ᠤ ᠡᠳᠦᠷ᠂ ᠵᠡᠭᠦᠨᠭᠠᠷ ᠬᠤᠰᠢᠭᠤ ︽ᠵᠠᠰᠠᠭ ᠤᠨ ᠣᠷᠳᠤᠨ ᠠᠵᠤ ᠠᠬᠤᠶᠢᠯᠠᠯ ᠮᠦᠷᠦ ᠵᠡᠷᠭᠡᠴᠡᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠠᠮᠲᠤ ᠪᠠᠷ ᠠᠬᠢᠭᠤᠯᠤᠨᠠᠮ︾ ᠭᠡᠬᠦ ᠭᠤᠤᠯ ᠰᠡᠳᠦᠪᠲᠦ ᠬᠤᠷᠠᠯ ᠢ ᠡᠷᠭᠢᠯᠡᠵᠦ᠂ ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠭᠴᠢ ᠶᠢᠨ ᠲᠠᠪᠴᠠᠩ ᠢ ᠠᠵᠢᠯᠯᠠᠭᠤᠯᠵᠤ᠂ ᠠᠵᠤ ᠠᠬᠤᠶᠢᠯᠠᠯ ᠳᠤ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠭᠴᠢ ᠮᠠᠶ᠋ᠢᠭ ᠤᠨ ᠦᠢᠯᠡᠴᠢᠯᠡᠭᠡ᠂ ᠪᠥᠬᠦ ᠴᠤᠪᠤᠷᠠᠯ ᠳᠤ ᠨᠢ ᠰᠦᠯᠵᠢᠶ᠎ᠡ ᠪᠠᠷ ᠮᠥᠷᠳᠡᠨ ᠦᠷ᠎ᠡ ᠪᠦᠲᠦᠮᠵᠢ ᠶᠢ ᠨᠢ ᠯᠠᠪᠯᠠᠬᠤ ᠦᠢᠯᠡᠴᠢᠯᠡᠭᠡ ᠶᠢ ᠬᠠᠩᠭᠠᠬᠤ ᠪᠣᠯᠣᠨ᠎ᠠ︔ 632.54 ᠳ᠋ᠦᠩᠰᠢᠭᠤᠷ ᠲᠥᠭᠦᠷᠢᠭ ᠤᠨ ᠨᠡᠭᠦᠷᠡᠰᠦᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠪᠠᠯᠠ ᠮᠥᠩᠭᠦᠨ ᠤ ᠲᠠᠲᠠᠭᠠᠯ ᠢ ᠠᠵᠢᠯᠯᠠᠭᠤᠯᠵᠤ ᠡᠬᠢᠯᠡᠭᠦᠯᠦᠭᠡᠳ᠂ ᠨᠡᠭᠦᠷᠡᠰᠦᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠯᠠ ᠮᠥᠩᠭᠦ ᠶᠢᠨ ᠳᠡᠮᠵᠢᠯᠭᠡ ᠬᠠᠩᠭᠠᠪᠠ︔ 5 ᠠᠺᠠᠳᠧᠮᠢᠴᠢ ᠶᠢ ᠴᠢᠨᠠᠷ ᠰᠠᠶᠢᠲᠠᠢ ᠬᠥᠭᠵᠢᠯᠲᠡ ᠶᠢᠨ ᠣᠶᠤᠨ ᠤ ᠬᠥᠮᠥᠷᠭᠡ ᠶᠢᠨ ᠲᠡᠷᠢᠭᠦᠨ ᠲᠤᠰᠬᠠᠶ ᠮᠡᠷᠭᠡᠵᠢᠯᠲᠡᠨ ᠢᠶᠠᠷ᠂ 7 ᠨᠡᠷᠡᠲᠦ ᠠᠵᠤ ᠠᠬᠤᠶᠢᠯᠠᠯᠲᠠᠨ ᠢ ᠣᠶᠤᠨ ᠤ ᠬᠥᠮᠥᠷᠭᠡ ᠶᠢᠨ ᠲᠡᠷᠢᠭᠦᠨ ᠵᠦᠪᠯᠡᠭᠴᠢ ᠪᠠᠷ᠂ 20 ᠠᠵᠤ ᠠᠬᠤᠶᠢᠯᠠᠯᠲᠠᠨ ᠢ ᠣᠶᠣᠨ ᠤ ᠬᠦᠮᠦᠷᠭᠡ ᠶᠢᠨ ᠲᠦᠷᠦᠭᠦᠤ ᠪᠦᠯᠦᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠠᠭᠠᠭᠤᠯᠤᠭᠴᠢ ᠴᠢᠳᠠᠪᠤᠷᠢᠲᠠᠨ ᠢᠶᠠᠷ᠂ 120 ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠣᠶᠤᠨ ᠤ ᠬᠥᠮᠥᠷᠭᠡ ᠶᠢᠨ ᠲᠦᠷᠦᠭᠦᠤ ᠪᠦᠯᠦᠭ ᠲᠤᠰᠬᠠᠶ ᠮᠡᠷᠭᠡᠵᠢᠯᠲᠡᠨ ᠢᠶᠠᠷ ᠣᠨᠴᠠ ᠤᠷᠢᠪᠠ᠃ ︵ᠣᠷᠳᠣᠰ ᠬᠤᠲᠠ ᠶᠢᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ