ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ
︵2024.12. 15 ︱ 2024.12. 21︶
︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ ᠃
ᠤᠳᠤᠷᠢᠳᠤᠯᠭ᠎ᠠ ᠶᠢᠨ ᠠᠵᠢᠯᠯᠠᠭ᠎ᠠ
ᠰᠦᠨ ᠱᠤᠤ ᠴᠧᠩ
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠡᠷᠬᠢᠯᠡᠭᠴᠢ ᠨᠠᠷ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
12 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠡᠷᠬᠢᠯᠡᠭᠴᠢ ᠨᠠᠷ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠨᠣᠣᠷᠠᠭ᠂ 2025 ᠣᠨ ᠤ ᠠᠵᠢᠯ ᠤᠨ ᠭᠤᠣᠯᠳᠠᠯᠭ᠎ᠠ ᠶᠢᠨ ᠨᠣᠣᠷᠠᠭ᠂ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ ᠶᠢᠨ ᠨᠣᠣᠷᠠᠭ ᠪᠠ 2025 ᠣᠨ ᠤ ᠬᠠᠤᠯᠢ ᠲᠣᠭᠲᠠᠭᠠᠬᠤ ᠲᠥᠯᠥᠪᠯᠡᠭᠡ ︵ᠲᠥᠰᠥᠯ︶ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ ᠃
ᠵᠦᠩ ᠮᠧᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠱᠤ᠋ ᠳ᠋ᠦᠩ ᠲᠠᠢ ᠠᠭᠤᠯᠵᠠᠪᠠ
12 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠵᠥᠩ ᠮᠧᠶ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠱᠤ᠋ ᠳ᠋ᠦᠩ ᠲᠠᠢ ᠠᠭᠤᠯᠵᠠᠪᠠ᠃
ᠪᠦᠬᠦ ᠣᠷᠣᠨ ᠤ ᠠᠷᠠᠳ ᠤᠨ ᠶᠠᠪᠤᠳᠠᠯ ᠤᠨ ᠬᠤᠷᠠᠯ ᠳᠤ ᠴᠣᠬᠤᠯᠠᠪᠤᠷᠢ ᠪᠠᠭᠤᠯᠭᠠᠵᠠᠢ
12 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠠᠷᠠᠳ ᠤᠨ ᠶᠠᠪᠤᠳᠠᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠪᠦᠬᠦ ᠣᠷᠣᠨ ᠤ ᠠᠷᠠᠳ ᠤᠨ ᠶᠠᠪᠤᠳᠠᠯ ᠤᠨ ᠠᠵᠢᠯ ᠳᠤ ᠴᠣᠬᠤᠯᠠᠪᠤᠷᠢ ᠪᠠᠭᠤᠯᠭᠠᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠤᠰ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠲᠤᠰ ᠬᠤᠷᠠᠯ ᠢ ᠡᠷᠭᠢᠯᠡᠵᠦ᠂ ᠬᠥᠬᠡᠬᠤᠲᠠ᠂ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ ᠨᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃
ᠨᠠᠮ ᠤᠨ ᠭᠠᠳᠠᠨᠠᠬᠢ ᠬᠥᠮᠥᠰ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠭᠡᠳ ᠶᠠᠷᠢᠶ᠎ᠠ ᠲᠠᠯᠪᠢᠪᠠ
12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠰᠠᠭᠤᠳᠠᠯ ᠤᠨ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ 2024 ᠣᠨ ᠤ ᠭᠤᠣᠯᠳᠠᠯᠭ᠎ᠠ ᠲᠠᠢ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠭᠰᠡᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠲᠤᠰᠬᠠᠢ ᠲᠦᠷᠦᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠭᠠᠳᠠᠨᠠᠬᠢ ᠬᠥᠮᠥᠰ ᠪᠠ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ 2024 ᠣᠨ ᠤ ᠪᠥᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠰᠠᠭᠤᠳᠠᠯ ᠤᠨ ᠬᠤᠷᠠᠯ ᠳᠡᠭᠡᠷ᠎ᠡ ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠡᠷᠬᠢᠯᠡᠭᠴᠢ ᠭᠡᠰᠢᠭᠦᠨ ᠬᠤᠩ ᠳ᠋ᠦᠩ ᠮᠧᠶ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠵᠤᠤ ᠵᠢᠢ ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠶᠢᠨ ᠵᠤᠸᠠᠩ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠶᠦᠨ ᡁᠢ ᠾᠧᠦ ᠂ ︽ 9 · 3 ︾ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠢᠦᠢ ᠷᠧᠨ ᠵᠢᠶᠧ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠨ ᠷᠦᠨ ᠱᠧᠩ ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠵᠢᠷᠤᠮᠲᠤ ᠪᠠ ᠥᠪᠥᠷ ᠮᠣᠩᠭᠤᠯ ᠤᠨ ᠵᠢᠶᠠᠩᠰᠤ ᠶᠢᠨ ᠬᠤᠳᠠᠯᠳᠤᠭᠠᠴᠢᠳ ᠤᠨ ᠡᠪᠯᠡᠯ ᠤᠨ ᠬᠠᠷᠢᠭᠤᠴᠠᠯᠭᠠᠲᠠᠨ ᠳ᠋ᠦᠩ ᠳ᠋ᠧ ᠴᠢᠨ ᠤᠷᠢᠳ ᠬᠤᠵᠢᠳ ᠦᠭᠡ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ ᠂ ᠬᠤᠸᠠᠩ ᡁᠢ ᠴᠢᠶᠠᠩ ᠂ ᠬᠦᠦᠳᠠᠭᠤᠯᠠ᠂ ᠢᠦᠢ ᠯᠢ ᠰᠢᠨ ᠂ ᠦ᠋ ᠶᠠᠨ ᠭᠠᠩ ᠨᠠᠷ ᠲᠤᠰ ᠬᠤᠷᠠᠯ ᠳᠤ ᠣᠷᠣᠯᠴᠠᠵᠠᠢ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪ᠊ᠠ᠋
12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠪᠣᠳᠣᠯ ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ ᠃ ᠲᠤᠰ ᠤᠳᠠᠭ᠎ᠠ ᠶᠢᠨ ᠰᠤᠷᠤᠯᠴᠠᠯᠭ᠎ᠠ ᠨᠢ ᠥᠪᠡᠷᠲᠡᠭᠡᠨ ᠰᠤᠷᠤᠯᠴᠠᠬᠤ ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠪᠠ ᠬᠠᠮᠲᠤ ᠪᠠᠷ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠸᠠᠩ ᠯᠢ ᠰᠢᠶᠠ ᠂ ᠪᠣᠣ ᠭᠠᠩ᠂ ᠳ᠋ᠢᠩ ᠰᠢᠸ ᠹᠧᠩ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠨᠠᠷ ᠰᠠᠨᠠᠯ ᠪᠣᠳᠣᠯ ᠢᠶᠠᠨ ᠰᠣᠯᠢᠯᠴᠠᠬᠤ ᠪᠠᠷ ᠦᠭᠡ ᠬᠡᠯᠡᠵᠡᠢ᠃
ᠸᠠᠩ ᠯᠢ ᠰᠢᠶᠠ
ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ
12 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 2025 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠤᠰ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ ᠃
ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
12 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
ᠲᠦᠷᠦ ᠶᠢᠨ ᠪᠣᠳᠣᠯᠭ᠎ᠠ ᠶᠢᠨ ᠨᠡᠶᠢᠲᠡᠯᠡᠯ
︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠤᠨ ᠲᠤᠬᠠᠢ ᠬᠠᠷᠢᠭᠤ ᠴᠣᠬᠤᠯᠠᠪᠤᠷᠢ
ᠣᠶᠢᠷ᠎ᠠ ᠳᠤ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠷᠢᠭᠤ ᠴᠣᠬᠤᠯᠠᠪᠤᠷᠢ ᠪᠠᠭᠤᠯᠭᠠᠪᠠ ︵ᠥᠪᠥᠷ ᠵᠠᠰᠠᠭ ᠥᠰᠥᠭ ﹇2024﹈ 237 ᠳ᠋ᠤᠭᠠᠷ ᠲᠣᠭᠠᠲᠤ︶᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠨᠣᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠠ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023﹈ 7 ᠳ᠋ᠤᠭᠠᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠬᠦ ᠪᠣᠯᠬᠤᠷ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠤᠭᠡᠢ ᠃