ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠬᠠᠮᠠᠭᠠᠯᠠᠯᠲᠠ ᠶᠢᠨ ᠠᠵᠢᠯ ᠢ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠪᠠᠶᠢᠳᠠᠯ ᠢ ᠦᠷᠭᠦᠯᠵᠢᠯᠡᠨ ᠡᠭᠦᠳᠦᠨ ᠨᠡᠭᠡᠭᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ
ᠨᠡᠶᠢᠲᠡᠯᠡᠭᠰᠡᠨ ᠴᠠᠭ᠄
2024/12/23


      ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 20 ᠤ ᠴᠠᠭᠢᠯᠭᠠᠨ ᠮᠡᠳᠡᠭᠡ   ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠬᠰᠠᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠡᠳᠦᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ ᠴᠡᠷᠢᠭ ᠠᠩᠭᠢ ᠳᠤ ᠠᠵᠢᠯ ᠪᠠᠶᠢᠴᠠᠭᠠᠵᠤ ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ ᠃ ᠲᠡᠷᠡ ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ ᠂ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠬᠠᠮᠠᠭᠠᠯᠠᠯᠲᠠ ᠶᠢᠨ ᠠᠵᠢᠯ ᠢ ᠭᠦᠢᠴᠡᠳᠬᠡᠬᠦ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠬᠦᠴᠦᠷᠬᠡᠭ ᠶᠡᠭᠡ ᠲᠣᠭᠲᠠᠪᠤᠷᠢᠵᠢᠭᠤᠯᠬᠤ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠣᠣᠮᠧᠨ ᠤ ᠣᠨᠴᠠᠯᠢᠭ ᠪᠦᠬᠦᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢᠨ ᠰᠢᠨ᠎ᠡ ᠪᠠᠶᠢᠳᠠᠯ ᠢ ᠦᠷᠭᠦᠯᠵᠢᠯᠡᠨ ᠡᠭᠦᠳᠦᠨ ᠨᠡᠭᠡᠭᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃



习近平在视察驻澳门部队时强调 11111111.jpg

12 ᠰᠠᠷ᠎ᠠ ᠶᠢᠨ 20 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ ᠴᠡᠷᠢᠭ ᠠᠩᠭᠢ ᠳᠤ ᠠᠵᠢᠯ ᠪᠠᠶᠢᠴᠠᠭᠠᠵᠤ ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ ᠃ ᠵᠢᠷᠤᠭ ᠪᠣᠯ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃

ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠯᠢ ᠭᠠᠩ ᠰᠡᠭᠦᠳᠡᠷᠯᠡᠪᠡ


      ᠦᠳᠡ ᠶᠢᠨ ᠬᠤᠶᠢᠨᠠᠬᠢ 2 ᠴᠠᠭ 30 ᠮᠢᠨᠦ᠋ᠲ ᠤᠨ ᠦᠶ᠎ᠡ ᠪᠠᠷ ᠂ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠰᠢᠨ᠎ᠡ ᠬᠢᠯᠢ ᠶᠢᠨ ᠪᠣᠭᠤᠮᠲᠠ ᠬᠤᠸᠠᠷᠠᠨ ᠳᠤ ᠢᠷᠡᠪᠡ ᠃ ᠰᠢ ᠶᠢᠨ ᠫᠢᠩ ᠡᠩ ᠲᠡᠷᠢᠭᠦᠨ ᠳᠤ ᠴᠡᠷᠢᠭ ᠠᠩᠭᠢ ᠶᠢ ᠰᠢᠯᠭᠠᠨ ᠦᠵᠡᠪᠡ ᠃ ᠰᠢᠯᠭᠠᠨ ᠦᠵᠡᠬᠦ ᠶᠢ ᠬᠦᠯᠢᠶᠡᠭᠰᠡᠨ ᠳᠠᠷᠤᠭ᠎ᠠ ᠪᠠᠶᠢᠯᠳᠤᠭᠴᠢᠳ ᠤᠨ ᠴᠡᠷᠢᠭ ᠤᠨ ᠳᠦᠷᠢ ᠲᠥᠷᠬᠦ ᠲᠥᠪ ᠴᠢᠩᠭ᠎ᠠ ᠂ ᠣᠮᠤᠭ ᠰᠦᠷ ᠪᠠᠳᠠᠷᠠᠩᠭᠤᠢ ᠪᠠᠶᠢᠯ᠎ᠠ ᠃ ᠰᠦᠷ ᠵᠢᠪᠬᠤᠯᠠᠩᠲᠤ ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠠᠶᠠᠰ ᠤᠨ ᠳᠤᠮᠳᠠ ᠂ ᠰᠢ ᠶᠢᠨ ᠫᠢᠩ ᠶᠣᠰᠣᠯᠠᠯ ᠤᠨ ᠵᠢᠭᠰᠠᠭᠠᠯ ᠤᠨ ᠡᠩᠨᠡᠭᠡ ᠂ ᠰᠡᠷᠭᠡᠶᠢᠯᠡᠨ ᠬᠠᠮᠠᠭᠠᠯᠠᠵᠤ ᠪᠠᠶᠢᠯᠳᠤᠭᠠᠨ ᠬᠢᠬᠦ ᠵᠢᠭᠰᠠᠭᠠᠯ ᠤᠨ ᠡᠩᠨᠡᠭᠡ ᠂ ᠬᠦᠴᠦᠷᠬᠡᠭᠯᠡᠯ ᠢ ᠰᠡᠷᠭᠡᠶᠢᠯᠡᠬᠦ ᠠᠵᠢᠯᠯᠠᠭ᠎ᠠ ᠶᠢᠨ ᠵᠢᠭᠰᠠᠭᠠᠯ ᠤᠨ ᠡᠩᠨᠡᠭᠡ ᠂ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠵᠢᠭᠰᠠᠭᠠᠯ ᠤᠨ ᠡᠩᠨᠡᠭᠡ ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠢᠭᠰᠠᠭᠠᠯ ᠤᠨ ᠡᠩᠨᠡᠭᠡ ᠶᠢ ᠳᠡᠰ ᠳᠠᠷᠠᠭᠠᠯᠠᠨ ᠰᠢᠯᠭᠠᠨ ᠦᠵᠡᠪᠡ ᠃ ︽ᠨᠥᠬᠦᠳ ᠨᠠᠷ ᠰᠠᠶᠢᠨ ᠪᠠᠶᠢᠨ᠎ᠠ ᠦᠦ ︕︾ ᠂ ︽ᠲᠡᠷᠢᠭᠦᠯᠡᠭᠴᠢ ᠰᠠᠶᠢᠨ ᠪᠠᠶᠢᠨ᠎ᠠ ᠦᠦ ︕︾ ᠂ ︽ᠨᠥᠬᠦᠳ ᠨᠠᠷ ᠵᠦᠳᠡᠷᠡᠯ᠎ᠡ ︕︾ ᠂ ︽ᠠᠷᠠᠳ ᠲᠦᠮᠡᠨ ᠳᠤ ᠦᠢᠯᠡᠴᠢᠯᠡᠨ᠎ᠡ ︕︾ ᠰᠢ ᠶᠢᠨ ᠫᠢᠩ ᠳᠠᠷᠤᠭ᠎ᠠ ᠪᠠᠶᠢᠯᠳᠤᠭᠴᠢᠳ ᠲᠤ ᠳᠣᠲᠣᠨᠣ ᠮᠡᠨᠳᠦᠴᠢᠯᠡᠯ ᠬᠦᠷᠭᠡᠬᠦ ᠳᠤ ᠳᠠᠷᠤᠭ᠎ᠠ ᠪᠠᠶᠢᠯᠳᠤᠭᠴᠢᠳ ᠬᠠᠩᠭᠢᠨᠠᠮ᠎ᠠ ᠲᠠᠭᠤᠨ ᠢᠶᠠᠷ ᠬᠠᠷᠢᠭᠤᠯᠪᠠ ᠃

      ᠳᠠᠷᠠᠭ᠎ᠠ ᠨᠢ ᠂ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠶᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃


习近平在视察驻澳门部队时强调222222222.jpg

 

12 ᠰᠠᠷ᠎ᠠ ᠶᠢᠨ 20 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠣᠣᠮᠧᠨ ᠳᠤ ᠰᠠᠭᠤᠭ᠎ᠠ ᠴᠡᠷᠢᠭ ᠠᠩᠭᠢ ᠳᠤ ᠠᠵᠢᠯ ᠪᠠᠶᠢᠴᠠᠭᠠᠵᠤ ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ ᠃ ᠵᠢᠷᠤᠭ ᠪᠣᠯ ᠰᠢ ᠶᠢᠨ ᠫᠢᠩ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠶᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃

ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠯᠢ ᠭᠠᠩ ᠰᠡᠭᠦᠳᠡᠷᠯᠡᠪᠡ



      ᠰᠢ ᠶᠢᠨ ᠫᠢᠩ ᠂ 25 ᠵᠢᠯ ᠤᠨ ᠲᠤᠷᠰᠢ ᠣᠣᠮᠧᠨ ᠳᠤ ᠰᠠᠭᠤᠭ᠎ᠠ ᠴᠡᠷᠢᠭ ᠠᠩᠭᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ ᠶᠢ ᠭᠤᠶᠢᠪᠢᠰᠢ ᠦᠭᠡᠢ ᠬᠡᠷᠡᠭᠵᠢᠭᠦᠯᠵᠦ ᠂ ︽ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯᠣᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦ ᠪᠤᠯᠬᠤ ᠬᠠᠤᠯᠢ ᠂ ᠰᠠᠭᠤᠭ᠎ᠠ ᠴᠡᠷᠢᠭ ᠤᠨ ᠬᠠᠤᠯᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠭᠦᠢᠴᠡᠳᠬᠡᠵᠦ ᠂ ᠠᠯᠢ ᠤᠯᠠᠨ ᠡᠭᠦᠷᠭᠡ ᠶᠢ ᠭᠠᠷᠮᠠᠭᠠᠢ ᠪᠡᠶᠡᠯᠡᠭᠦᠯᠵᠦ ᠂ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠪᠣᠯᠣᠨ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ ᠂ ᠥᠷᠭᠡᠨ ᠤᠯᠠᠨ ᠣᠣᠮᠧᠨ ᠤ ᠠᠬ᠎ᠠ ᠳᠡᠭᠦᠦ ᠨᠠᠷ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠭᠦᠷᠲᠡᠪᠡ ᠭᠡᠵᠦ ᠵᠢᠭᠠᠵᠤ ᠭᠠᠷᠭᠠᠪᠠ ᠃

      ᠰᠢ ᠶᠢᠨ ᠫᠢᠩ ᠂ ᠣᠣᠮᠧᠨ ᠳᠤ ᠰᠠᠭᠤᠭ᠎ᠠ ᠴᠡᠷᠢᠭ ᠠᠩᠭᠢ ᠶᠢᠨ ᠪᠠᠶᠢᠷᠢ ᠰᠠᠭᠤᠷᠢ ᠪᠠ ᠦᠢᠯᠡᠳᠦᠯ ᠨᠢ ᠣᠨᠴᠠᠭᠠᠢ ᠂ ᠡᠭᠦᠷᠭᠡ ᠬᠠᠷᠢᠭᠤᠴᠠᠯᠭ᠎ᠠ ᠨᠢ ᠣᠨᠴᠠᠭᠠᠢ ᠂ ᠰᠠᠭᠤᠭ᠎ᠠ ᠭᠠᠵᠠᠷ ᠤᠨ ᠣᠷᠴᠢᠨ ᠲᠣᠭᠤᠷᠢᠨ ᠣᠨᠴᠠᠭᠠᠢ ᠶᠤᠮ ᠃ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠂ ᠴᠡᠷᠢᠭ ᠠᠩᠭᠢ ᠶᠢᠨ ᠡᠭᠦᠷᠢᠳᠡ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠳᠠᠶᠢᠴᠢᠨ ᠡᠩᠨᠡᠭᠡ ᠶᠢᠨ ᠤᠬᠠᠮᠰᠠᠷ ᠢᠶᠠᠨ ᠴᠢᠩᠭᠠᠳᠬᠠᠵᠤ ᠂ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠴᠡᠷᠢᠭ ᠪᠤᠯᠪᠠᠰᠤᠷᠠᠭᠤᠯᠵᠤ ᠲᠡᠶᠢᠨ ᠳᠤ ᠪᠡᠯᠡᠳᠬᠡᠬᠦ ᠶᠢ ᠴᠢᠩᠭᠠᠳᠬᠠᠵᠤ ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ ᠭᠦᠢᠴᠡᠳᠬᠡᠬᠦ ᠬᠡᠷᠡᠭᠲᠡᠢ ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠵᠤ ᠂ ᠴᠡᠷᠢᠭ  ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯ ᠪᠠ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠵᠤ ᠂ ᠮᠠᠨ ᠤ ᠴᠡᠷᠢᠭ ᠤᠨ ᠰᠦᠷ ᠵᠢᠪᠬᠤᠭᠠᠲᠤ ᠴᠡᠷᠢᠭ ᠂ ᠪᠣᠯᠪᠠᠰᠤᠨ ᠴᠡᠷᠢᠭ ᠤᠨ ᠳᠦᠷᠢ ᠲᠥᠷᠬᠦ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

        ᠼᠠᠢ ᠴᠢ ᠂ ᠾᠧ ᠸᠧᠢ ᠳ᠋ᠦᠩ ᠂ ᠰᠢᠶᠠ ᠪᠦᠦ ᠯᠦᠩ ᠪᠣᠯᠣᠨ ᠼᠧᠨ ᠬᠤᠤ ᠬᠤᠢ ᠨᠠᠷ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ