ᠣᠣᠮᠧᠨ ᠳᠠᠬᠢ ᠡᠯ᠎ᠡ ᠵᠦᠢᠯ ᠤᠨ ᠠᠵᠢᠯᠯᠠᠭ᠎ᠠ ᠪᠠᠨ ᠠᠮᠵᠢᠯᠲᠠ ᠲᠠᠢ ᠲᠡᠭᠦᠰᠬᠡᠭᠡᠳ ᠰᠢ ᠶᠢᠨ ᠫᠢᠩ ᠣᠣᠮᠧᠨ ᠠᠴᠠ ᠮᠣᠷᠳᠠᠵᠤ ᠪᠡᠭᠡᠵᠢᠩ ᠳᠤ ᠪᠤᠴᠠᠵᠤ ᠢᠷᠡᠪᠡ
ᠨᠡᠶᠢᠲᠡᠯᠡᠭᠰᠡᠨ ᠴᠠᠭ᠄
2024/12/23


      ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 20 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠳᠠᠬᠢ ᠡᠯ᠎ᠡ ᠵᠦᠢᠯ ᠤᠨ ᠠᠵᠢᠯᠯᠠᠭ᠎ᠠ ᠪᠠᠨ ᠠᠮᠵᠢᠯᠲᠠ ᠲᠠᠢ ᠲᠡᠭᠦᠰᠬᠡᠭᠡᠳ ᠂ 20 ᠤ ᠦᠳᠡ ᠶᠢᠨ ᠬᠤᠶᠢᠨ᠎ᠠ ᠣᠣᠮᠧᠨ ᠠᠴᠠ ᠮᠣᠷᠳᠠᠵᠤ ᠲᠤᠰᠬᠠᠢ ᠨᠢᠰᠬᠡᠯ ᠢᠶᠠᠷ ᠪᠡᠭᠡᠵᠢᠩ ᠳᠤ ᠪᠤᠴᠠᠵᠤ ᠢᠷᠡᠪᠡ ᠃


圆满结束在澳门的各项活动 习近平离开澳门返回北京.jpg

12 ᠰᠠᠷ᠎ᠠ ᠶᠢᠨ 20 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠣᠮᠧᠨ ᠳᠠᠬᠢ ᠡᠯ᠎ᠡ ᠵᠦᠢᠯ ᠤᠨ ᠠᠵᠢᠯᠯᠠᠭ᠎ᠠ ᠪᠠᠨ ᠠᠮᠵᠢᠯᠲᠠ ᠲᠠᠢ ᠲᠡᠭᠦᠰᠬᠡᠭᠡᠳ ᠂ ᠲᠤᠰᠬᠠᠢ ᠨᠢᠰᠬᠡᠯ ᠢᠶᠠᠷ ᠣᠣᠮᠧᠨ ᠠᠴᠠ ᠠᠶᠠᠷᠯᠠᠪᠠ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠦᠳᠡᠨ ᠮᠣᠷᠳᠠᠭᠤᠯᠬᠤ ᠪᠠᠷ ᠢᠷᠡᠭᠰᠡᠨ ᠬᠥᠮᠥᠰ ᠵᠦᠭ ᠭᠠᠷ ᠳᠠᠯᠠᠯᠤᠨ ᠰᠠᠯᠬᠤ ᠶᠣᠰᠣ ᠭᠦᠢᠴᠡᠳᠬᠡᠵᠦ ᠪᠠᠶᠢᠭ᠎ᠠ ᠨᠢ᠃

ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠰᠢᠶᠧ ᠬᠤᠸᠠᠨ ᡂᠢ   ᠰᠡᠭᠦᠳᠡᠷᠯᠡᠪᠡ


      ᠰᠢ ᠶᠢᠨ ᠫᠢᠩ 12 ᠰᠠᠷ᠎ᠠ ᠶᠢᠨ 18 ᠤ ᠦᠳᠡ ᠶᠢᠨ ᠬᠤᠶᠢᠨ᠎ᠠ ᠣᠣᠮᠧᠨ ᠳᠤ ᠭᠦᠷᠦᠭᠰᠡᠨ ᠪᠢᠯᠡ ᠃ ᠣᠣᠮᠧᠨ ᠳᠤ ᠪᠠᠶᠢᠬᠤ ᠬᠤᠭᠤᠴᠠᠭᠠᠨ ᠳᠠᠭᠠᠨ ᠂ ᠰᠢ ᠶᠢᠨ ᠫᠢᠩ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠤᠭᠲᠤᠬᠤ ᠦᠳᠡᠰᠢ ᠶᠢᠨ ᠳᠠᠶᠢᠯᠠᠯᠭ᠎ᠠ ᠪᠣᠯᠣᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠳᠤ ᠣᠷᠣᠯᠴᠠᠪᠠ ︔ ᠾᠧ ᠾᠧᠦ ᠬᠤᠸᠠ ᠂ ᠼᠦᠢ ᠱᠢ ᠠᠨ ᠂ ᠾᠧ ᠢ ᠴᠧᠩ ᠂ ᠼᠧᠨ ᠬᠤᠤ ᠬᠤᠢ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭ᠎ᠠ ᠂ ᠬᠠᠤᠯᠢ ᠲᠣᠭᠲᠠᠭᠠᠬᠤ ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠠᠬᠢᠯᠭ᠎ᠠ ᠪᠠᠲᠤ ᠶᠢᠨ ᠴᠡᠷᠢᠭ ᠠᠩᠭᠢ ᠶᠢᠨ ᠲᠥᠯᠥᠭᠡᠯᠡᠭᠴᠢ ᠂ ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠲᠠᠢ ᠠᠭᠤᠯᠵᠠᠪᠠ ︔ ᠣᠣᠮᠧᠨ ᠳᠤ ᠰᠠᠭᠤᠭ᠎ᠠ ᠲᠥᠪ ᠤᠨ ᠪᠠᠶᠢᠭᠤᠯᠤᠮᠵᠢ ᠪᠣᠯᠣᠨ ᠭᠤᠣᠯ ᠪᠤᠯᠬᠤ ᠳᠤᠮᠳᠠᠳᠤ ᠶᠢᠨ ᠪᠡᠯᠡ ᠣᠷᠣᠭᠤᠯᠤᠭᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠪᠣᠯᠭᠤᠭᠠᠨ ᠦᠵᠡᠪᠡ ︔ ᠣᠣᠮᠧᠨ ᠳᠤ ᠰᠠᠭᠤᠭ᠎ᠠ ᠴᠡᠷᠢᠭ ᠠᠩᠭᠢ ᠶᠢ ᠪᠠᠶᠢᠴᠠᠭᠠᠨ ᠦᠵᠡᠪᠡ ︔ ᠣᠣᠮᠧᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠢᠶᠠᠷ ᠰᠢᠨᠵᠢᠯᠡᠨ ᠪᠠᠶᠢᠴᠠᠭᠠᠵᠤ ᠂ ᠣᠣᠮᠧᠨ ᠤ ᠠᠷᠠᠳ ᠤᠯᠠᠨ ᠲᠠᠢ ᠥᠷᠭᠡᠨ ᠢᠶᠠᠷ ᠬᠠᠷᠢᠯᠴᠠᠵᠤ ᠶᠠᠷᠢᠯᠴᠠᠨ ᠰᠣᠯᠢᠯᠴᠠᠪᠠ ᠃ ᠰᠢ ᠶᠢᠨ ᠫᠢᠩ ᠪᠠᠰᠠ ᠪᠡᠯᠭᠡᠯᠡᠬᠦ ᠠᠵᠢᠯᠯᠠᠭ᠎ᠠ ᠳᠤ ᠣᠷᠤᠯᠴᠠᠬᠤ ᠪᠠᠷ ᠢᠷᠡᠭᠰᠡᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠲᠠᠢ ᠠᠭᠤᠯᠵᠠᠪᠠ ᠃

       ᠦᠳᠡᠨ ᠮᠣᠷᠳᠠᠭᠤᠯᠬᠤ ᠶᠣᠰᠣᠯᠠᠯ ᠳᠡᠭᠡᠷ᠎ᠡ ᠂ ᠣᠣᠮᠧᠨ ᠤ ᠪᠠᠭᠠᠴᠤᠳ ᠬᠡᠦᠬᠡᠳ ᠰᠢ ᠶᠢᠨ ᠫᠢᠩ ᠪᠣᠯᠣᠨ ᠬᠠᠳᠤᠨ ᠫᠧᠩ ᠯᠢ ᠶᠤᠸᠠᠨ ᠳᠤ ᠰᠣᠷᠭᠤᠭ ᠴᠡᠴᠡᠭ ᠬᠦᠷᠭᠡᠪᠡ ᠃ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠦᠳᠡᠨ ᠮᠣᠷᠳᠠᠭᠤᠯᠬᠤ ᠪᠠᠷ ᠢᠷᠡᠭᠰᠡᠨ ᠬᠥᠮᠥᠰ ᠲᠠᠢ ᠨᠢᠭᠡᠳ ᠨᠢᠭᠡ ᠪᠠᠷ ᠭᠠᠷ ᠠᠳᠬᠤᠵᠤ ᠂ ᠦᠳᠡᠨ ᠮᠣᠷᠳᠠᠭᠤᠯᠬᠤ ᠡᠩᠨᠡᠭᠡ ᠶᠢᠨ ᠵᠦᠭ ᠭᠠᠷ ᠳᠠᠯᠠᠯᠤᠨ ᠰᠠᠯᠬᠤ ᠶᠣᠰᠣ ᠭᠦᠢᠴᠡᠳᠬᠡᠪᠡ ᠃

       ᠼᠠᠢ ᠴᠢ ᠂ ᠯᠢ ᠬᠤᠩ ᠵᠦᠩ ᠂ ᠾᠧ ᠸᠧᠢ ᠳ᠋ᠦᠩ ᠂ ᠾᠧ ᠯᠢ ᠹᠧᠩ ᠂ ᠸᠠᠩ ᠳ᠋ᠦᠩ ᠹᠧᠩ ᠨᠠᠷ ᠨᠢᠭᠡ ᠨᠢᠰᠬᠡᠯ ᠢᠶᠠᠷ ᠣᠣᠮᠧᠨ ᠠᠴᠠ ᠮᠣᠷᠳᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ