12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠦᠭᠦᠳᠠ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠪᠠ᠃
ᠬᠤᠷᠠᠯ ᠳᠡᠭᠡᠷ᠎ᠡ᠂ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠵᠢᠴᠢ ᠳᠡᠳ᠋ ᠲᠡᠷᠢᠭᠦᠯᠡᠭᠴᠢ ᠨᠠᠷ ᠤᠷᠢᠳ ᠬᠤᠵᠢᠳ ᠦᠭᠡ ᠬᠡᠯᠡᠭᠰᠡᠨ ᠪᠥᠭᠡᠳ ᠭᠦᠨᠵᠡᠭᠡᠢ ᠰᠤᠳᠤᠯᠤᠨ ᠶᠠᠷᠢᠯᠴᠠᠪᠠ᠃ ᠸᠠᠩ ᠯᠢ ᠰᠢᠶᠠ ᠢᠯᠡᠳᠬᠡᠯ ᠢ ᠲᠤᠭᠤᠷᠪᠢᠬᠤ ᠳᠤᠭᠤᠶᠢᠯᠠᠩ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠢᠯᠡᠳᠬᠡᠯ ᠳᠤ ᠤᠯᠠᠮ ᠨᠢᠭᠡ ᠠᠯᠬᠤᠮ ᠰᠠᠶᠢᠲᠤᠷ ᠵᠠᠰᠠᠪᠤᠷᠢ ᠤᠷᠤᠭᠤᠯᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠶᠠᠷᠯᠠᠭᠤᠰᠢᠲᠠᠢ ᠠᠮᠵᠢᠯᠲᠠ ᠣᠯᠵᠠᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2025 ᠣᠨ ᠤ ᠬᠠᠷᠠᠯᠲᠠ ᠡᠭᠦᠷᠭᠡ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠭᠲᠠᠭᠤᠨ ᠡᠭᠢᠯᠡᠯᠲᠡ᠂ ᠰᠠᠶᠢᠨ ᠡᠭᠢᠯᠡᠯᠲᠡ ᠲᠠᠢ ᠪᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠦᠵᠡᠪᠡ᠃
ᠬᠤᠷᠠᠯ ᠠᠴᠠ᠂ ᠵᠢᠯ ᠤᠨ ᠡᠴᠦᠰ ᠣᠨ ᠤ ᠡᠬᠢ ᠪᠠᠷ᠂ ᠠᠶᠤᠯᠭᠦᠢ ᠦᠢᠯᠡᠳᠪᠦᠷᠢᠯᠡᠯ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠴᠠᠭᠢᠯᠭᠠᠨ ᠬᠡᠷᠡᠭᠯᠡᠬᠦ᠂ ᠨᠡᠭᠦᠷᠡᠰᠦ ᠬᠡᠷᠡᠭᠯᠡᠬᠦ᠂ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠭᠡᠮ ᠰᠣᠭᠤᠭ ᠢ ᠨᠠᠷᠢᠨ ᠨᠢᠭᠲᠠ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠡᠯ᠎ᠡ ᠲᠦᠷᠦᠯ ᠤᠨ ᠠᠳᠡᠯ ᠭᠠᠷᠬᠤ ᠶᠢ ᠲᠠᠰᠤ ᠬᠤᠷᠢᠭᠯᠠᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠢᠯᠠᠩᠭᠤᠶ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠲᠤᠰᠠᠯᠠᠬᠤ ᠴᠠᠭᠳᠠᠭ᠎ᠠ ᠵᠡᠷᠭᠡ ᠪᠡᠷᠬᠡ ᠬᠠᠲᠠᠭᠤᠵᠢᠯᠲᠠᠢ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠠᠷᠠᠳ ᠣᠯᠠᠨ ᠤ ᠪᠠᠶᠠᠷ ᠤᠨ ᠡᠳᠦᠷ ᠢᠶᠠᠨ ᠠᠮᠤᠷ ᠵᠢᠷᠭᠠᠯ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠸᠠᠩ ᡁᠢ ᠴᠢᠶᠠᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠶᠣᠣ ᠶᠦᠩ ᠪᠦᠸᠧ᠂ ᠳᠠᠶᠢᠴᠢᠨ᠂ ᠰᠦᠨ ᠵᠢᠶᠦ᠋ᠨ ᠴᠢᠩ ᠣᠷᠣᠯᠴᠠᠪᠠ᠃