12 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠣᠨ ᠣᠷᠣᠨ ᠤ ᠰᠢᠭᠤᠳ ᠬᠠᠷᠢᠶ᠎ᠠ ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ ᠶᠢᠨ 2024 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠶ ᠳᠤ ᠰᠢᠯᠭᠠᠨ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ᠬᠤᠷᠠᠯ ᠳᠡᠭᠡᠷ᠎ᠡ᠂ 17 ᠨᠠᠮ ᠤᠨ ︵ᠠᠵᠢᠯ ᠤᠨ︶ ᠬᠤᠷᠢᠶ᠎ᠠ ᠶᠢᠨ ᠱᠦᠵᠢ ᠲᠤᠰᠢᠶᠠᠯ ᠤᠨ ᠮᠡᠳᠡᠭᠦᠯᠦᠯᠲᠡ ᠬᠢᠵᠦ᠂ ᠰᠦᠨ ᠱᠤᠤ ᠴᠧᠩ ᠨᠢᠭᠡᠳ ᠨᠢᠭᠡ ᠪᠠᠷ ᠦᠨᠡᠯᠡᠵᠦ᠂ ᠠᠮᠵᠢᠯᠲᠠ ᠶᠢ ᠨᠢ ᠨᠤᠲᠠᠯᠠᠭᠰᠠᠨ ᠪᠥᠭᠡᠳ ᠪᠠᠰᠠ ᠠᠰᠠᠭᠤᠳᠠᠯ ᠢ ᠵᠢᠭᠠᠨ ᠭᠠᠷᠭᠠᠵᠤ᠂ ᠱᠠᠭᠠᠷᠳᠠᠯᠭ᠎ᠠ ᠳᠤᠷᠠᠳᠴᠠᠢ᠃ ᠱᠢ ᠭᠤᠸᠠᠩ ᠬᠤᠢ᠂ ᠯᠢᠦ ᠱᠤᠸᠠᠩ᠂ ᠵᠧᠩ ᠬᠤᠩ ᠹᠠᠨ᠂ ᠯᠢ ᠢᠦᠢ ᠭᠠᠩ ᠶᠡᠷᠦᠩᠬᠡᠶᠢᠯᠡᠭᠰᠡᠨ ᠦᠨᠡᠯᠡᠯᠲᠡ ᠬᠢᠪᠡ᠃
ᠰᠦᠨ ᠱᠤᠤ ᠴᠧᠩ᠂ ᠡᠨᠡ ᠵᠢᠯ ᠠᠴᠠ ᠨᠠᠭᠠᠰᠢ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠤᠶᠢᠪᠢᠰᠢ ᠦᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ︽ᠴᠢᠳᠠᠯ ᠠᠴᠠ ᠨᠢ ᠠᠬᠠᠳᠠᠭᠤᠯᠬᠤ︾ ᠵᠡᠷᠭᠡ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠵᠠᠰᠠᠨ ᠵᠠᠯᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠵᠠᠢ ᠭᠡᠪᠡ᠃
ᠰᠦᠨ ᠱᠤᠤ ᠴᠧᠩ᠂ ᠢᠷᠡᠬᠦ ᠵᠢᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠳᠤ᠂ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠷᠭ᠎ᠠ ᠭᠡᠯᠪᠡᠷᠢ ᠪᠠᠨ ᠰᠢᠨᠡᠴᠢᠯᠡᠵᠦ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠴᠢᠳᠠᠯ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠨᠳᠦᠰᠦᠨ ᠱᠠᠲᠤᠨ ᠤ ᠺᠠᠳ᠋ᠷᠴᠤᠳ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠢ ᠭᠦᠢᠴᠡᠳ ᠲᠠᠶᠢᠴᠢᠯᠠᠵᠤ᠂ ᠠᠵᠤ ᠠᠬᠤᠢ ᠶᠢᠨ ᠬᠥᠭᠵᠢᠯᠲᠡ ᠪᠣᠯᠣᠨ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠨᠢᠭᠡ ᠳᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠬᠡᠷᠡᠭᠲᠡᠢ᠃ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠵᠦ᠂ ᠬᠤᠷᠠᠯ ᠠᠵᠢᠯᠯᠠᠭ᠎ᠠ᠂ ᠪᠠᠶᠢᠴᠠᠭᠠᠨ ᠰᠤᠳᠤᠯᠵᠤ ᠬᠢᠨᠠᠨ ᠪᠠᠶᠢᠴᠠᠭᠠᠬᠤ ᠵᠡᠷᠭᠡ ᠦᠨᠳᠦᠰᠦᠨ ᠱᠠᠲᠤᠨ ᠳᠤ ᠬᠤᠯᠪᠣᠭᠳᠠᠬᠤ ᠡᠯ᠎ᠡ ᠲᠥᠷᠥᠯ ᠤᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠬᠠᠮᠢᠶ᠎ᠠ ᠪᠦᠬᠦᠢ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠤᠶᠠᠷ ᠲᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠬᠦᠴᠦᠨ ᠴᠢᠳᠠᠯ ᠣᠯᠭᠤᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠡᠷᠬᠡ ᠪᠠ ᠡᠬᠢ ᠪᠠᠶᠠᠯᠢᠭ ᠢ ᠵᠦᠢ ᠵᠣᠬᠢᠰᠲᠠᠢ ᠳᠣᠷᠣᠭᠰᠢ ᠪᠠᠭᠤᠯᠭᠠᠵᠤ ᠦᠨᠳᠦᠰᠦᠨ ᠱᠠᠲᠤ ᠶᠢ ᠠᠵᠢᠯ ᠶᠠᠪᠤᠳᠠᠯ ᠬᠢᠬᠦ ᠴᠢᠳᠠᠪᠤᠷᠢ ᠲᠠᠢ ᠪᠤᠯᠭᠠᠵᠤ᠂ ᠦᠨᠳᠦᠰᠦᠨ ᠱᠠᠲᠤᠨ ᠤ ︽ᠴᠢᠳᠠᠯ ᠠᠴᠠ ᠨᠢ ᠠᠬᠠᠳᠠᠭᠤᠯᠬᠤ︾ ᠠᠰᠠᠭᠤᠳᠠᠯ ᠢ ᠦᠷᠭᠦᠯᠵᠢᠯᠡᠨ ᠭᠦᠨᠵᠡᠭᠡᠢ ᠴᠡᠭᠴᠡᠯᠡᠨ ᠵᠠᠰᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠬᠦᠴᠢᠷᠳᠡᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤᠨ ᠤ ᠳᠡᠭᠡᠭᠰᠢ ᠪᠠᠨ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠲᠠᠢ ᠪᠠᠷ ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠣᠷᠣᠨ ᠤ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠭᠦᠯᠬᠦ ᠶᠢ ᠳᠠᠶᠢᠴᠢᠯᠠᠨ ᠳᠠᠭᠠᠭᠤᠯᠬᠤ ᠬᠡᠷᠡᠭᠲᠡᠢ᠃ ᠳᠥᠷᠪᠡ ᠳᠤ᠂ ᠦᠨᠳᠦᠰᠦᠨ ᠱᠠᠲᠤᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠵᠢᠴᠢ ︽ᠪᠠᠭ᠎ᠠ ᠱᠠᠮᠰᠢᠯ ᠵᠢᠵᠢᠭ ᠢᠯᠵᠢᠷᠡᠯ︾ ᠵᠡᠷᠭᠡ ᠦᠨᠳᠦᠰᠦᠨ ᠱᠠᠲᠤᠨ ᠤ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠠᠩᠬᠠᠷᠴᠤ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠦᠨᠳᠦᠰᠦᠨ ᠱᠠᠲᠤᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ᠃ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠬᠢᠵᠠᠭᠠᠷᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠺᠠᠳ᠋ᠷᠴᠤᠳ ᠤᠨ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ ᠠᠬᠢᠭᠤᠯᠤᠨ ᠤᠯᠠᠨ ᠲᠦᠮᠡᠨ ᠳᠤ ᠦᠢᠯᠡᠴᠢᠯᠡᠬᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠭᠦᠨᠵᠡᠭᠡᠢ ᠨᠢᠮᠪᠠᠢ ᠰᠠᠶᠢᠲᠤᠷ ᠬᠢᠵᠦ᠂ ᠬᠢᠬᠦ ᠶᠣᠰᠣᠲᠠᠢ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠪᠡ᠃