2025 ᠣᠨ ᠤ ᠪᠥᠬᠦ ᠤᠯᠤᠰ ᠤᠨ ᠬᠤᠶᠠᠷ ᠬᠤᠷᠠᠯ ᠢ ᠬᠤᠷᠠᠯᠳᠤᠭᠤᠯᠬᠤ ᠡᠳᠦᠷ ᠲᠣᠭᠲᠠᠯ᠎ᠠ
ᠨᠡᠶᠢᠲᠡᠯᠡᠭᠰᠡᠨ ᠴᠠᠭ᠄
2024/12/25

1225全国两会.jpg

 

      ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢᠶᠠᠷ 12 ᠳ᠋ᠤᠭᠠᠷ ᠰᠠᠷ᠎ᠠ ᠶᠢᠨ 25 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ᠢ ᠪᠠᠲᠤᠯᠠᠪᠠ᠃ ᠲᠣᠭᠲᠠᠭᠠᠯ ᠢ ᠦᠨᠳᠦᠰᠦᠯᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢ 2025 ᠣᠨ ᠤ 3 ᠳ᠋ᠤᠭᠠᠷ ᠰᠠᠷ᠎ᠠ ᠶᠢᠨ 5 ᠤ ᠡᠳᠦᠷ ᠪᠡᠭᠡᠵᠢᠩ ᠳᠤ ᠬᠤᠷᠠᠯᠳᠤᠭᠤᠯᠤᠨ᠎ᠠ᠃

      ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠷᠢᠶ᠎ᠠ ᠲᠦᠷᠦᠭᠦᠬᠡᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ 2025 ᠣᠨ ᠤ 3 ᠳ᠋ᠤᠭᠠᠷ ᠰᠠᠷ᠎ᠠ ᠶᠢᠨ 4 ᠤ ᠡᠳᠦᠷ ᠪᠡᠭᠡᠵᠢᠩ ᠳᠤ ᠬᠤᠷᠠᠯᠳᠤᠭᠤᠯᠬᠤ ᠪᠠᠷ ᠰᠠᠨᠠᠭᠤᠯᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ