ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/12/26

 

      12 ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ ᠲᠥᠰᠥᠯ ︶ ᠶᠢᠨ ᠮᠡᠳᠡᠭᠦᠯᠦᠯᠲᠡ ᠶᠢ ᠰᠤᠳᠤᠯᠵᠤ ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠣᠳᠣᠬᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠲᠣᠳᠣᠷᠬᠠᠶᠢᠯᠠᠵᠤ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠂ ᠬᠦᠴᠢᠷ ᠢ ᠳᠤᠭᠤᠯᠤᠨ ᠪᠡᠷᠬᠡ ᠶᠢ ᠳᠠᠪᠠᠵᠤ ᠂ ᠨᠠᠩ ᠢᠯᠡᠭᠦᠦ ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠠᠷᠭ᠎ᠠ ᠶᠢ ᠰᠤᠳᠤᠯᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ ᠂ ︽ ᠬᠡᠷᠡᠭᠵᠢᠭᠦᠯᠬᠦ ᠠᠷᠭ᠎ᠠ ︾ ᠶᠢ ᠴᠢᠩᠭ᠎ᠠ ᠨᠠᠶᠢᠳᠠᠪᠤᠷᠢᠵᠢᠭᠤᠯᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠂ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ ᠂ ᠬᠠᠮᠤᠭ ᠤᠨ ᠴᠢᠩᠭ᠎ᠠ ᠳᠦᠷᠢᠮ ᠬᠠᠮᠤᠭ ᠤᠨ ᠴᠢᠩᠭ᠎ᠠ ᠬᠠᠤᠯᠢ ᠪᠠᠷ ᠵᠠᠰᠠᠬᠤ ᠪᠠᠷ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠢᠨᠠᠨ ᠵᠥᠪᠯᠡᠵᠦ ᠪᠠᠲᠤᠯᠠᠭᠠᠳ ᠂ ᠤᠰᠤᠨ ᠤ ᠡᠬᠢ ᠪᠠᠶᠠᠯᠢᠭ ᠤᠨ ᠬᠠᠲᠠᠭᠤ ᠴᠢᠩᠭ᠎ᠠ ᠬᠢᠵᠠᠭᠠᠷᠯᠠᠯ ᠤᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠯᠠᠪᠳᠠᠭᠤᠨ ᠠᠬᠢᠭᠤᠯᠵᠤ ᠂ ᠭᠠᠶᠢᠯᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠶᠢ ᠬᠥᠲᠥᠯᠥᠨ ᠵᠢᠯᠤᠭᠤᠳᠴᠤ ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠡᠯᠪᠡᠷᠢ ᠪᠠᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃



ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ