|
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ | ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠭᠦᠭᠡᠬᠤᠳᠠ ᠳᠤ ᠬᠤᠷᠠᠯᠳᠤᠪᠠ |
|
|
ᠨᠡᠶᠢᠲᠡᠯᠡᠭᠰᠡᠨ ᠴᠠᠭ᠄
2024/12/26
|
|
12 ᠰᠠᠷ᠎ᠠ ᠶᠢᠨ 25 ᠤ ᠦᠳᠡ ᠶᠢᠨ ᠡᠮᠦᠨ᠎ᠡ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠂ ᠬᠤᠷᠠᠯ ᠤᠨ ᠬᠤᠭᠤᠴᠠᠭ᠎ᠠ ᠨᠢ 2 ᠡᠳᠦᠷ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠩᠬᠠᠳᠤᠭᠠᠷ ᠪᠦᠭᠦᠳᠠ ᠬᠤᠷᠠᠯ ᠢ ᠡᠷᠭᠢᠯᠡᠭᠦ ᠶᠢᠨ ᠬᠠᠮᠲᠤ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠭᠦᠳᠠ ᠬᠤᠷᠠᠯ ᠳᠤ ᠠᠵᠢᠯ ᠤᠨ ᠮᠡᠳᠡᠭᠦᠯᠦᠯᠲᠡ ᠬᠢᠵᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠪᠠ ᠃ ᠳᠤᠰ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ 2024 ᠣᠨ ᠤ ᠠᠵᠢᠯ ᠢ ᠳ᠋ᠦᠩᠨᠡᠵᠦ ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠎ᠠ ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|