ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇ 2024 ﹈ 234 ᠳ᠋ᠦ᠋ᠭᠡᠷ ᠲᠣᠭᠠᠲᠤ
︽ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ
ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ ︶︾ ᠤᠨ ᠲᠤᠬᠠᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠄
ᠲᠠᠨ ᠤ ᠬᠤᠲᠠ ᠶᠢᠨ ︽︿ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ ︶ ﹀ ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ︾ ︵ ᠪᠤᠭᠤᠲᠤ ᠣᠷᠳᠣᠨ ᠮᠡᠳᠡᠭᠦᠯᠦᠯᠲᠡ ﹇ 2024 ﹈ 164 ᠳ᠋ᠦ᠋ᠭᠡᠷ ᠲᠣᠭᠠᠲᠤ ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ ︶︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇ 2023 ﹈ 7 ᠳ᠋ᠤᠭᠠᠷ ᠲᠣᠭᠠᠲᠤ ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ ᠂ ᠡᠶᠢᠨ ᠬᠦ ︽ᠪᠤᠭᠤᠲᠤ ᠶᠢᠨ ᠬᠥᠨᠳᠡᠯᠡᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 ᠣᠨ ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃
2024 ᠣᠨ ᠤ 12 ᠳ᠋ᠤᠭᠠᠷ ᠰᠠᠷ᠎ᠠ ᠶᠢᠨ 9 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶