ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠯᠤᠭ᠎ᠠ ᠬᠤᠯᠪᠣᠭᠳᠠᠨ᠎ᠠ︕ ᠡᠨᠡ ᠬᠦ ᠶᠠᠪᠤᠳᠠᠯ ᠢ ᠲᠣᠰ ᠰᠠᠷ᠎ᠠ ᠶᠢᠨ ᠳᠣᠲᠣᠷ᠎ᠠ ᠭᠦᠢᠴᠡᠳᠬᠡᠭᠡᠷᠡᠢ
ᠨᠡᠶᠢᠲᠡᠯᠡᠭᠰᠡᠨ ᠴᠠᠭ᠄
2024/12/3

    ᠠᠩᠬᠠᠷ

    2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠬᠤ ᠠᠵᠢᠯ 12 ᠳ᠋ᠤᠭᠠᠷ ᠰᠠᠷ᠎ᠠ ᠶᠢᠨ 1᠎ ᠤ ᠡᠳᠦᠷ᠎ ᠠᠴᠠ ᠡᠬᠢᠯᠡᠪᠡ᠃

    ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP᠎ ᠢᠶᠠᠷ 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠮᠡᠳᠡᠭᠡ ᠵᠠᠩᠭᠢ ᠪᠠᠨ ᠨᠤᠲᠠᠯᠠᠵᠤ ᠪᠣᠯᠤᠨ᠎ᠠ᠃

    ᠡᠷᠬᠡᠪᠰᠢ ᠲᠤᠰ ᠰᠠᠷ᠎ᠠ ᠳᠤ ᠭᠦᠢᠴᠡᠳᠬᠡᠭᠡᠷᠡᠢ

    ᠪᠣᠳᠠᠲᠠᠢ ᠠᠯᠬᠤᠮ ᠨᠢ ᠳᠣᠣᠷᠠᠬᠢ ᠮᠡᠲᠦ

    ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ App ︵个人所得税App︶᠎ ᠢ ᠨᠡᠭᠡᠭᠡᠵᠦ᠂ ︽ᠲᠤᠰᠬᠠᠢ ᠵᠦᠢᠯ ᠤᠨ ᠨᠡᠮᠡᠯᠲᠡ ᠰᠠᠭᠤᠯᠭᠠᠨ ᠠᠪᠬᠤ ᠶᠢ ᠲᠠᠭᠯᠠᠨ ᠮᠡᠳᠡᠭᠦᠯᠬᠦ︾ ︵专项附加扣除填报︶ ᠬᠡᠰᠡᠭ ᠢ ᠳᠠᠷᠤᠭᠠᠷᠠᠢ

1.jpg


2.jpg


3.jpg

    ᠰᠠᠨᠠᠭᠤᠯᠤᠮᠵᠢ᠄

    ᠭᠠᠶᠢᠯᠢ ᠲᠤᠰᠢᠶᠠᠭᠴᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 1᠎ ᠠᠴᠠ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠶᠢᠨ ᠠᠭᠤᠯᠭ᠎ᠠ ᠪᠠᠨ ᠨᠤᠲᠠᠯᠠᠨ᠎ᠠ᠃

    ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠯᠭᠠᠨ ᠠᠪᠬᠤ ᠲᠥᠷᠥᠯ ᠵᠦᠢᠯ ᠳᠤ ᠦᠷ᠎ᠡ ᠬᠡᠤᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢᠶᠠᠨ ᠠᠰᠠᠷᠠᠨ ᠲᠡᠵᠢᠭᠡᠬᠦ᠂ ᠨᠢᠯᠬ᠎ᠠ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠯᠤᠭᠠᠨ ᠵᠦᠢᠯ ᠪᠠᠭᠲᠠᠨ᠎ᠠ᠃

    ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ App᠎ ᠢ ᠪᠠᠭᠤᠯᠭᠠᠵᠤ ᠠᠪᠤᠭᠠᠳ ᠵᠠᠰᠠᠵᠤ᠂ ᠨᠤᠲᠠᠯᠠᠵᠤ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ