ᠥᠪᠥᠷ ᠮᠣᠩᠭᠤᠯ ᠳᠥᠷᠪᠡᠨ ᠲᠠᠯ᠎ᠠ ᠪᠠᠷ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/3

 

      12 ᠳ᠋ᠤᠭᠠᠷ ᠰᠠᠷ᠎ᠠ ᠶᠢᠨ 1 ᠤ ᠡᠳᠦᠷ ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ ᠥᠨᠥ ᠵᠢᠯ ᠠᠴᠠ ᠨᠠᠭᠠᠰᠢ ᠂ ᠲᠤᠰ ᠨᠢᠭᠡᠴᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠳᠤ ᠲᠣᠳᠣᠷᠬᠠᠶᠢᠯᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠪᠠ ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠂ ᠢᠵᠢ ᠲᠥᠬᠦᠷ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠠᠬᠢᠭᠤᠯᠬᠤ ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠥᠷᠪᠡᠨ ᠲᠠᠯ᠎ᠠ ᠶᠢᠨ ᠭᠤᠣᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ ᠂ ︽ᠠᠵᠢᠯ ᠢ ᠠᠬᠢᠭᠤᠯᠬᠤ ᠂ ᠶᠡᠷᠦᠩᠬᠡᠶᠢᠯᠡᠨ ᠵᠣᠬᠢᠴᠠᠭᠤᠯᠬᠤ ᠂ ᠳ᠋ᠦᠩᠨᠡᠨ ᠦᠨᠡᠯᠡᠬᠦ ᠂ ᠤᠬᠠᠭᠤᠯᠤᠨ ᠳᠡᠯᠭᠡᠷᠡᠭᠦᠯᠬᠦ ᠂ ᠰᠢᠮᠳᠠᠭᠤᠯᠤᠨ ᠭᠦᠢᠴᠡᠳᠬᠡᠭᠦᠯᠵᠦ ᠮᠡᠳᠡᠭᠡᠯᠡᠬᠦ ᠂ ᠬᠥᠳᠡᠯᠦᠩᠭᠦᠢ ᠪᠠᠷ ᠲᠣᠬᠢᠷᠠᠭᠤᠯᠬᠤ︾ ᠵᠢᠷᠭᠤᠭᠠᠨ ᠲᠣᠭᠲᠠᠴᠠ ᠶᠢ ᠪᠠᠶᠢᠭᠤᠯᠤᠨ ᠂ ︽ᠴᠠᠭᠠᠰᠤᠨ ᠳᠡᠭᠡᠷᠡᠬᠢ ︾ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠲᠠᠲᠠᠢ ᠪᠣᠯᠭᠠᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠠᠳ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠠᠢ ᠃ 

      ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠪᠣᠯᠬᠤ ᠢᠨᠵᠧᠨᠧᠷᠢᠩ ᠮᠥᠨ ᠪᠥᠭᠡᠳ ︽ᠵᠢᠷᠭᠤᠭᠠᠨ ᠢᠨᠵᠧᠨᠧᠷᠢᠩ︾ ᠤᠨ ᠳᠣᠲᠣᠷᠠᠬᠢ ᠲᠡᠷᠢᠭᠦᠨ ᠢᠨᠵᠧᠨᠧᠷᠢᠩ  ᠨᠢ ᠪᠣᠯᠣᠨ᠎ᠠ ᠃ ᠨᠢᠳᠤᠨᠤᠨ ᠤ 10 ᠳ᠋ᠤᠭᠠᠷ ᠰᠠᠷ᠎ᠠ ᠳᠤ ︽ᠰᠠᠨᠠᠯ︾ ᠢ ᠨᠡᠶᠢᠲᠡᠯᠡᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠨᠢᠭᠡ ᠬᠥᠯᠭᠡ ᠰᠢᠲᠠᠷ᠎ᠠ ᠶᠢ ᠨᠢᠭᠡᠳᠦᠯᠲᠡᠢ ᠲᠥᠯᠥᠪᠯᠡᠬᠦ ᠂ ᠨᠢᠭᠡ ᠴᠣᠭᠴᠠᠵᠢᠭᠤᠯᠤᠨ ᠠᠬᠢᠭᠤᠯᠬᠤ ᠂ ᠬᠠᠮᠲᠤ ᠳᠤ  ᠨᠢ ᠪᠠᠲᠤᠯᠠᠬᠤ ᠶᠢ ᠪᠠᠷᠢᠮᠲᠠᠯᠠᠨ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠭᠦᠷᠭᠡ ᠶᠢᠨ ᠲᠣᠳᠣᠷᠬᠠᠢ ᠬᠠᠭᠤᠳᠠᠰᠤᠨ ᠤ ᠪᠠᠷᠢᠮᠵᠢᠶ᠎ᠠ ᠪᠠ ᠱᠠᠭᠠᠷᠳᠠᠯᠭ᠎ᠠ ᠯᠤᠭ᠎ᠠ ᠬᠠᠷᠭᠤᠭᠤᠯᠵᠤ ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ︾ ᠤᠨ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ  ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ ᠃ 

      ᠣᠳᠣᠬᠠᠨ ᠳᠤ ᠂ ᠥᠪᠥᠷ ᠮᠣᠩᠭᠤᠯ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠳᠠᠬᠢ ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠪᠠᠨ ᠠᠬᠢᠭᠤᠯᠵᠤ ᠂ ᠭᠤᠣᠯᠳᠠᠯᠭ᠎ᠠ ᠪᠣᠯᠬᠤ 189 ᠵᠦᠢᠯ ᠤᠨ ᠡᠭᠦᠷᠭᠡ ᠶᠢ ᠴᠠᠭ ᠤᠨ ᠳᠠᠷᠠᠭᠠᠯᠠᠯ ᠠᠬᠢᠴᠠ ᠪᠠᠷ ᠬᠦᠴᠦᠲᠡᠢ ᠠᠬᠢᠭᠤᠯᠵᠤ ᠪᠠᠶᠢᠨ᠎ᠠ ᠂ ᠡᠭᠦᠨ ᠳᠤ 41 ᠵᠦᠢᠯ ᠨᠢ ᠴᠢᠬᠤᠯᠠ ᠶᠡᠭᠡ ᠠᠬᠢᠴᠠ ᠲᠠᠢ ᠂ 140 ᠵᠦᠢᠯ ᠨᠢ ᠢᠯᠡᠳᠲᠡ ᠠᠬᠢᠴᠠ ᠲᠠᠢ ᠂ 8 ᠵᠦᠢᠯ ᠨᠢ ᠱᠠᠲᠤᠴᠢ ᠴᠢᠨᠠᠷᠲᠠᠢ ᠠᠬᠢᠴᠠ ᠲᠠᠢ ᠪᠣᠯᠪᠠ ᠃ ᠢᠵᠢ ᠲᠥᠬᠦᠷ ᠲᠦᠷᠦ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠵᠦ ᠂ ᠳᠥᠴᠢᠨ ᠳᠥᠷᠪᠡᠨ ᠶᠠᠮᠤᠨ ᠵᠥᠪᠯᠡᠯ ᠂ ᠨᠢᠭᠡᠴᠢ ᠪᠠ ᠠᠵᠤ ᠠᠬᠤᠶᠢᠯᠠᠯ ᠤᠨ ︽ ᠰᠠᠨᠠᠯ ︾ ᠢ ᠨᠡᠶᠢᠳᠠᠪᠤᠷᠢᠵᠢᠭᠤᠯᠬᠤ 49 ᠵᠦᠢᠯ ᠤᠨ ᠢᠵᠢ ᠲᠥᠬᠦᠷ ᠲᠦᠷᠦ ᠶᠢᠨ ᠪᠣᠳᠣᠯᠭ᠎ᠠ ᠨᠡᠶᠢᠲᠡᠯᠡᠬᠦ ᠶᠢ  ᠨᠢ ᠠᠬᠢᠭᠤᠯᠤᠭᠠᠳ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ ᠃ ᠴᠢᠬᠤᠯᠠ ᠶᠡᠭᠡ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ ᠂ 3 ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠱᠠᠭᠠᠷᠳᠠᠯᠭ᠎ᠠ ᠶᠣᠰᠣᠭᠠᠷ ᠂ ︽ᠰᠠᠨᠠᠯ︾ ᠳᠠᠬᠢ ᠴᠢᠬᠤᠯᠠ ᠶᠡᠭᠡ ᠲᠥᠷᠥᠯ ᠵᠦᠢᠯ ᠤᠨ ᠲᠣᠳᠣᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ ᠳᠤ 86 ᠵᠦᠢᠯ ᠤᠨ ᠴᠢᠬᠤᠯᠠ ᠶᠡᠭᠡ ᠲᠥᠷᠥᠯ ᠵᠦᠢᠯ ᠠᠴᠠ 69 ᠲᠥᠷᠥᠯ ᠵᠦᠢᠯ ᠳᠤ  ᠨᠢ ᠨᠢᠭᠡᠨᠲᠡ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ  ᠨᠢ 80% ᠳᠤ ᠬᠦᠷᠴᠦ ᠂ ︽ᠡᠬᠢᠯᠡᠭᠦᠯᠬᠦ ᠶᠣᠰᠣᠲᠠᠢ ᠪᠦᠬᠦᠨ ᠢ ᠡᠬᠢᠯᠡᠭᠦᠯᠬᠦ︾ ᠬᠠᠷᠠᠯᠲᠠ ᠪᠠᠨ ᠪᠡᠶᠡᠯᠡᠭᠦᠯᠪᠡ ᠃ 

      ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠠᠪᠴᠠᠩ ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠤᠯᠠᠮ ᠨᠢᠭᠡ ᠠᠯᠬᠤᠮ ᠪᠠᠳᠠᠷᠠᠭᠤᠯᠪᠠ ᠂ ᠵᠢᠱᠢᠶᠡᠯᠡᠪᠡᠯ ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠠᠯᠪᠠᠨ ᠶᠣᠰᠣᠭᠠᠷ ᠴᠣᠬᠤᠯᠠᠪᠤᠷᠢᠯᠠᠪᠠ ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠥᠪ ᠤᠨ ᠲᠥᠰᠥᠪ ᠤᠨ ᠳᠣᠲᠣᠷᠠᠬᠢ ᠲᠥᠷᠥᠯ ᠵᠦᠢᠯ ᠤᠨ ᠲᠥᠪ ᠤᠨ ᠪᠡᠯᠡ ᠮᠥᠩᠭᠦᠨ ᠤ ᠬᠠᠷᠢᠴᠠᠯ ᠢ 80% ᠳᠤ ᠬᠦᠷᠲᠡᠯ᠎ᠡ ᠨᠡᠮᠡᠭᠳᠡᠭᠦᠯᠵᠦ ᠂ ᠪᠡᠯᠡ ᠣᠷᠣᠭᠤᠯᠤᠯᠲᠠ ᠶᠢᠨ ᠬᠠᠷᠢᠴᠠᠯ ᠢ ︽ᠤᠮᠠᠷᠠᠲᠤ ᠶᠢᠨ ᠭᠤᠷᠪᠠᠨ ᠣᠷᠣᠨ︾ ᠤ ᠭᠠᠵᠠᠷ ᠣᠷᠣᠨ ᠨᠤᠭᠤᠳ ᠲᠠᠬᠢ ᠬᠠᠮᠤᠭ ᠤᠨ ᠥᠨᠳᠥᠷ ᠲᠠᠰ ᠪᠣᠯᠭᠠᠬᠤ ᠪᠠᠷ ᠳᠣᠭᠲᠠᠭᠠᠪᠠ ︔ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠨᠧᠷᠭᠢ ᠶᠢᠨ ᠲᠣᠪᠴᠢᠶᠠᠨ ᠠᠴᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠲᠣᠣᠷ ᠲᠤ ᠡᠷᠬᠡ ᠣᠯᠭᠤᠵᠤ ᠤᠯᠤᠰ ᠤᠨ ᠴᠠᠬᠢᠯᠭᠠᠨ ᠬᠦᠴᠦᠨ ᠤ ᠲᠣᠣᠷ᠂ ᠡᠮᠦᠨᠡᠲᠦ ᠶᠢᠨ ᠴᠠᠬᠢᠯᠭᠠᠨ ᠬᠦᠴᠦᠨ ᠤ ᠲᠣᠣᠷ ᠤᠨ ᠳᠠᠷᠠᠭᠠᠬᠢ ᠭᠤᠷᠪᠠᠳᠠᠭᠢ ᠪᠣᠬᠢᠷᠲᠤᠯ ᠦᠭᠡᠢ ᠴᠠᠬᠢᠯᠭᠠᠨ ᠬᠦᠴᠦᠨ ᠤ ᠠᠷᠠᠯᠵᠢᠶᠠᠨ ᠤ ᠲᠤᠷᠰᠢᠯᠲᠠ ᠶᠢᠨ ᠴᠡᠭ ᠪᠣᠯᠭᠠᠪᠠ ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ 1086 ᠲᠦᠮᠡᠨ ᠮᠦ ᠂ ᠰᠢᠷ᠎ᠠ ᠪᠤᠷᠴᠠᠭ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 405 ᠲᠦᠮᠡᠨ ᠮᠦ ᠴᠢᠷᠮᠠᠶᠢᠨ ᠣᠯᠵᠤ ᠂ ᠴᠥᠮ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠨ᠎ᠠ ᠁

      ︽ ᠳᠠᠷᠠᠭᠠᠴᠢ ᠶᠢᠨ ᠠᠯᠬᠤᠮ ᠳᠤ ᠂ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠂ ᠵᠢᠷᠭᠤᠭᠠᠨ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠨ ᠂ ︿ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ﹀ ᠢ ᠭᠦᠨᠵᠡᠭᠡᠶᠢᠷᠡᠭᠦᠯᠦᠨ ᠠᠬᠢᠭᠤᠯᠵᠤ ᠂ ᠨᠢᠭᠡ ᠶᠢ ᠡᠷᠬᠢᠯᠡᠪᠡᠯ ᠨᠢᠭᠡ ᠶᠢ ᠪᠡᠶᠡᠯᠡᠭᠦᠯᠵᠦ ᠂ ᠨᠢᠭᠡ ᠶᠢ ᠬᠡᠷᠡᠭᠵᠢᠭᠦᠯᠪᠡᠯ ᠨᠢᠭᠡ ᠳᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠂ ᠲᠣᠭᠲᠠᠭᠰᠠᠨ ᠬᠤᠭᠤᠴᠠᠭᠠᠨ ᠳᠤ ᠪᠠᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠨ ᠂ ︿ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ﹀ ᠤᠨ ᠠᠵᠢᠯ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ ᠃ ︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠯᠪᠠᠨ ᠭᠡᠷ ᠤᠨ ᠨᠠᠷᠢᠨ ᠪᠢᠴᠢᠭ ᠤᠨ ᠭᠠᠵᠠᠷ ᠤᠨ ᠭᠠᠵᠠᠷ ᠤᠨ ᠳᠠᠷᠤᠭ᠎ᠠ ᠯᠢ ᠷᠦᠢ ᠰᠢᠤᠢ ᠲᠠᠨᠢᠯᠴᠠᠭᠤᠯᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ