|
ᠣᠶᠢᠷ᠎ᠠ ᠳᠤ 10 ᠲᠦᠮᠡᠨ ᠺᠠᠯᠤᠷᠢ ᠣᠯᠠᠨ ᠤᠯᠤᠰ ᠤᠨ ᠲᠡᠷᠢᠭᠦᠨ ᠤ ᠪᠤᠳᠤᠯᠲᠠ ᠶᠢᠨ ᠬᠦᠴᠦᠨ ᠤ ᠪᠦᠯᠦᠭᠵᠢᠯ ᠤᠨ ᠥᠪᠥᠷ ᠮᠣᠩᠭᠤᠯ ᠤᠨ ᠶᠦᠨ ᠵᠦ ᠣᠶᠣᠨᠴᠢ | ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠪᠠᠷᠢᠯᠭ᠎ᠠ ᠶᠢᠨ ᠣᠷᠣᠢ ᠶᠢ ᠨᠢ ᠠᠲᠠᠭᠠᠷᠯᠠᠪᠠ |
|
|
ᠨᠡᠶᠢᠲᠡᠯᠡᠭᠰᠡᠨ ᠴᠠᠭ᠄
2024/12/3
|
|
ᠲᠣᠰ ᠲᠥᠷᠥᠯ ᠵᠦᠢᠯ ᠢ ᠪᠡᠭᠡᠵᠢᠩ ᠤᠨ ᠬᠤᠸᠠ ᠵᠦ ᠣᠶᠣᠨᠴᠢ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠪᠥᠲᠥᠭᠡᠨ ᠪᠠᠶᠢᠭᠤᠯᠵᠤ᠂ 2024 ᠣᠨ ᠤ 7 ᠳ᠋ᠤᠭᠠᠷ ᠰᠠᠷ᠎ᠠ ᠶᠢᠨ 17 ᠤ ᠡᠳᠦᠷ ᠵᠢᠩᠬᠢᠨᠢ ᠪᠠᠷ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ᠂ ᠣᠶᠤᠨᠴᠢ ᠪᠣᠳᠣᠯᠭ᠎ᠠ ᠶᠢᠨ ᠲᠥᠪ ᠪᠠᠶᠢᠭᠤᠯᠬᠤ ᠪᠠᠷ 2 ᠰᠠᠭᠤᠷᠢ ᠠᠰᠠᠷ ᠪᠠᠷᠢᠬᠤ ᠪᠠᠷ ᠲᠥᠯᠥᠪᠵᠢᠭᠦᠯᠵᠦ᠂ ᠥᠨᠳᠥᠷ ᠴᠢᠳᠠᠮᠵᠢᠲᠤ ᠮᠠᠰᠢᠨ ᠤ ᠬᠤᠷᠭᠤ ᠶᠢ 5040 ᠪᠠᠶᠢᠷᠢᠯᠠᠭᠤᠯᠤᠨ᠂ ᠶᠡᠷᠦᠩᠬᠡᠶ ᠬᠡᠪᠴᠢᠶ᠎ᠡ ᠨᠢ 10 ᠲᠦᠮᠡᠨ ᠺᠠᠯᠤᠷᠢ ᠣᠯᠠᠨ ᠤᠯᠤᠰ ᠤᠨ ᠲᠡᠷᠢᠭᠦᠨ ᠤ ᠪᠤᠳᠤᠯᠲᠠ ᠶᠢᠨ ᠬᠦᠴᠦᠨ ᠤ ᠪᠦᠯᠦᠭᠵᠢᠯ ᠢ ᠪᠠᠶᠢᠭᠤᠯᠵᠤ᠂ ᠬᠤᠶᠠᠷ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠡᠭᠦᠨ ᠳᠤ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠶᠢᠷᠢᠯᠠᠭᠤᠯᠤᠯᠲᠠ ᠶᠢᠨ ᠮᠠᠰᠢᠨ ᠤ ᠬᠤᠷᠭᠤ ᠶᠢᠨ ᠲᠤᠭ᠎ᠠ 1008 ᠪᠠᠶᠢᠵᠤ᠂ ᠵᠢᠱᠢᠯᠲᠡ ᠪᠠᠷ 1.6 ᠲᠦᠮᠡᠨ ᠺᠠᠯᠤᠷᠢ ᠣᠯᠠᠨ ᠤᠯᠤᠰ ᠤᠨ ᠲᠡᠷᠢᠭᠦᠨ ᠤ ᠪᠤᠳᠤᠯᠲᠠ ᠶᠢᠨ ᠬᠦᠴᠦᠨ ᠢ ᠬᠠᠩᠭᠠᠵᠤ᠂ 12 ᠳ᠋ᠤᠭᠠᠷ ᠰᠠᠷ᠎ᠠ ᠶᠢᠨ ᠰᠡᠭᠦᠯᠴᠢ ᠪᠠᠷ ᠮᠠᠰᠢᠨ ᠴᠠᠬᠢᠯᠭᠠᠨ ᠢ ᠨᠢ ᠤᠭᠰᠠᠷᠠᠵᠤ ᠳᠠᠭᠤᠰᠬᠠᠨ᠎ᠠ︔ ᠬᠤᠶᠠᠳᠤᠭᠠᠷ ᠬᠤᠭᠤᠴᠠᠭᠠᠨ ᠤ ᠪᠠᠶᠢᠷᠢᠯᠠᠭᠤᠯᠤᠭᠰᠠᠨ ᠮᠠᠰᠢᠨ ᠤ ᠬᠤᠷᠭᠤ ᠶᠢᠨ ᠲᠤᠭ᠎ᠠ ᠨᠢ 4032 ᠪᠠᠶᠢᠪᠠ᠃ ︵ᠬᠤᠷᠢᠨᠭᠡᠷ ᠰᠢᠶᠠᠨ ᠤ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|