|
ᠣᠷᠴᠣᠨ ᠬᠤᠰᠢᠭᠤ ᠢᠳᠡᠰᠢᠨ ᠮᠥᠭᠦ ᠶᠢᠨ ᠠᠵᠤ ᠦᠢᠯᠡᠰ ᠢ ᠭᠦᠨᠵᠡᠭᠡᠢ ᠪᠣᠯᠪᠠᠰᠤᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠮᠦᠭᠦ︾ | ᠶᠢᠨ ᠦᠢᠯᠡᠰ ᠢᠶᠠᠷ ᠪᠠᠶᠠᠵᠢᠯ ᠤᠨ ᠵᠠᠮ ᠢᠶᠠᠨ ᠲᠡᠪᠢᠰᠴᠦ ᠪᠤᠢ |
|
|
ᠨᠡᠶᠢᠲᠡᠯᠡᠭᠰᠡᠨ ᠴᠠᠭ᠄
2024/12/3
|
|
ᠨᠢᠭᠡ ᠳᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠲᠠᠶᠢᠴᠢᠯᠠᠪᠠ᠃ ᠪᠡᠭᠡᠵᠢᠩ ᠤᠨ ᠰᠢ ᠴᠧᠩ ᠲᠣᠭᠤᠷᠢᠭ ᠤᠨ ᠳᠡᠮᠵᠢᠯᠭᠡ ᠳᠣᠤᠷ᠎ᠠ᠂ ᠪᠥᠬᠦ ᠬᠤᠰᠢᠭᠤᠨ ᠳᠤ ︽ᠮᠦᠬᠦ ᠶᠢ ᠪᠣᠭᠤᠳᠠᠯᠯᠠᠵᠤ ᠦᠢᠯᠡᠳᠪᠦᠷᠢᠯᠡᠬᠦ + ᠰᠠᠭᠤᠷᠢᠨ ᠭᠠᠵᠠᠷ ᠠᠴᠠ ᠬᠠᠮᠢᠶᠠᠷᠴᠤ ᠪᠤᠶᠢᠵᠢᠭᠤᠯᠬᠤ + ᠬᠦᠳᠦᠴᠢ ᠠᠵᠤ ᠠᠬᠤᠶᠢᠯᠠᠯ ᠳᠠᠶᠢᠴᠢᠯᠠᠬᠤ + ᠲᠠᠪᠴᠠᠩ ᠢᠶᠠᠷ ᠪᠣᠷᠣᠯᠠᠭᠤᠯᠬᠤ︾ ᠢᠳᠡᠰᠢᠨ ᠮᠦᠬᠦ ᠶᠢᠨ ᠠᠵᠤ ᠦᠢᠯᠡᠰ ᠤᠨ ᠪᠥᠬᠦ ᠬᠡᠯᠬᠢᠶ᠎ᠡ ᠶᠢ ᠪᠠᠶᠢᠭᠤᠯᠵᠤ᠂ ᠮᠡᠷᠭᠡᠵᠢᠯ ᠤᠨ ᠪᠣᠯᠪᠠᠰᠤᠷᠠᠯ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠯᠣᠭᠤᠳᠣᠯᠭ᠎ᠠ ᠪᠠᠷ ᠳᠡᠮᠵᠢᠨ᠂ ᠨᠢᠭᠡᠨᠲᠡ 1537 ᠨᠡᠷᠡᠰ ᠣᠯᠠᠨ ᠲᠦᠮᠡᠨ ᠢ ᠲᠠᠲᠠᠵᠤ ᠲᠣᠭᠲᠠᠭᠤᠨ ᠢᠶᠠᠷ ᠠᠵᠢᠯ ᠣᠯᠭᠤᠪᠠ᠃ ᠬᠤᠶᠠᠷ ᠲᠤ᠂ ᠠᠵᠢᠯ ᠣᠯᠭᠤᠯᠲᠠ ᠪᠠᠷ ᠠᠵᠤ ᠦᠢᠯᠡᠰ ᠤᠨ ᠬᠥᠳᠡᠯᠭᠡᠭᠦᠷ ᠪᠤᠯᠭᠠᠪᠠ᠃ ᠨᠣᠮᠢᠨ ᠪᠠᠯᠭᠠᠰᠤᠨ ᠤ ᠢᠳᠡᠰᠢᠨ ᠮᠥᠭᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠪᠣᠯᠤᠭᠰᠠᠨ ᠤ ᠬᠤᠪᠢ ᠳᠤ᠂ ᠶᠡᠷᠦᠩᠬᠡᠶ ᠪᠠᠯᠠ ᠣᠷᠣᠭᠤᠯᠤᠯᠲᠠ ᠨᠢ 900 ᠲᠦᠮᠡᠨ ᠲᠥᠭᠦᠷᠢᠭ ᠲᠤ ᠣᠶᠢᠷᠠᠳᠴᠤ᠂ ᠮᠥᠭᠦ ᠶᠢᠨ ᠫᠧᠩ ᠰᠠᠷᠠᠪᠴᠢ ᠶᠢ 55 ᠰᠠᠭᠤᠷᠢ ᠪᠥᠲᠥᠭᠡᠨ ᠪᠠᠶᠢᠭᠤᠯᠵᠤ᠂ ᠡᠷᠬᠢᠨ ᠲᠣᠭᠤᠷᠢᠨ ᠤ ᠲᠠᠷᠢᠶᠠᠴᠢᠳ ᠢ ᠤᠷᠢᠨ ᠬᠡᠷᠡᠭᠯᠡᠵᠦ ᠢᠳᠡᠰᠢᠨ ᠮᠥᠭᠦ ᠳᠠᠷᠢᠬᠤ᠂ ᠲᠡᠭᠦᠬᠦ᠂ ᠡᠳ᠋ᠰᠢᠭᠦᠯᠬᠦ ᠵᠡᠷᠭᠡ ᠭᠤᠭᠴᠤᠭ᠎ᠠ ᠳᠤ ᠣᠷᠣᠯᠴᠠᠭᠤᠯᠬᠤ ᠪᠠᠷ ᠳᠠᠮᠵᠢᠭᠤᠯᠤᠨ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠪᠡ᠃ ᠡᠨᠡ ᠵᠢᠯ ᠲᠤᠰ ᠰᠠᠭᠤᠷᠢᠨ ᠭᠠᠵᠠᠷ ᠨᠡᠶᠢᠲᠡ 262 ᠲᠦᠮᠡᠨ ᠤᠭᠤᠲᠠ ᠢᠳᠡᠰᠢᠨ ᠮᠥᠭᠦ ᠦᠢᠯᠡᠳᠪᠦᠷᠢᠯᠡᠵᠦ᠂ 50 ᠲᠦᠮᠡᠨ ᠲᠥᠭᠦᠷᠢᠭ ᠤᠨ ᠠᠰᠢᠭ ᠣᠯᠵᠠᠪᠤᠷᠢ ᠣᠯᠪᠠ᠃ ᠭᠤᠷᠪᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠦᠢᠯᠡᠰ ᠢ ᠬᠥᠲᠥᠯᠥᠨ ᠲᠠᠭᠠᠭᠤᠯᠪᠠ᠃ ᠣᠷᠴᠣᠨ ᠬᠤᠰᠢᠭᠤᠨ ᠤ ᠢᠳᠡᠰᠢᠨ ᠮᠥᠭᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠨᠢ ᠭᠤᠣᠯᠳᠠᠭᠤ ᠤᠷᠭᠤᠮᠠᠯ ᠤᠨ ᠵᠦᠢᠯ ᠢ ᠵᠣᠬᠢᠶᠠᠨ ᠪᠠᠶᠢᠭᠤᠯᠤᠨ ᠪᠣᠶᠢᠵᠢᠭᠤᠯᠬᠤ᠂ ᠢᠳᠡᠰᠢᠨ ᠮᠥᠭᠦ ᠪᠣᠶᠢᠵᠢᠭᠤᠯᠬᠤ ᠶᠢᠨ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠵᠢᠴᠢ ᠬᠡᠭᠡᠷ᠎ᠡ ᠶᠢᠨ ᠡᠮᠳᠦ ᠢᠳᠡᠰᠢᠨ ᠮᠥᠭᠦ ᠶᠢ ᠰᠤᠳᠤᠯᠤᠨ ᠪᠣᠶᠢᠵᠢᠭᠤᠯᠬᠤ ᠪᠠ ᠠᠰᠢᠭᠯᠠᠬᠤ ᠵᠡᠷᠭᠡ ᠰᠤᠳᠤᠯᠭᠠᠨ ᠤ ᠠᠵᠢᠯ ᠢ ᠬᠢᠵᠦ᠂ ᠣᠳᠣᠬᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠨᠢ ᠨᠢᠭᠡᠨᠲᠡ 10 ᠨᠡᠷᠡᠰ ᠰᠤᠳᠤᠯᠤᠨ ᠰᠤᠷᠤᠭᠴᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠳᠡᠨ ᠢ ᠤᠷᠢᠨ ᠠᠪᠴᠢᠷᠠᠵᠤ ᠰᠠᠭᠤᠭ᠎ᠠ ᠭᠠᠵᠠᠷ ᠲᠤ ᠨᠢ ᠢᠳᠡᠰᠢᠨ ᠮᠥᠭᠦ ᠶᠢᠨ ᠰᠤᠳᠤᠯᠭᠠᠨ ᠬᠢᠯᠭᠡᠵᠦ ᠪᠤᠢ᠃ ︵ᠣᠷᠴᠣᠨ ᠬᠤᠰᠢᠭᠤᠨ ᠤ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|