ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/12/30


      12 ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠣᠣᠮᠧᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ ᠃ ᠲᠣᠰ ᠪᠡᠶ᠎ᠡ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠰᠢᠨ᠎ᠡ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠲᠣᠭᠠᠴᠢᠯᠠᠭᠰᠠᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠰᠢᠨ᠎ᠡ ᠠᠵᠤ ᠦᠢᠯᠡᠰ ᠤᠨ ᠲᠦᠷᠭᠡᠨ ᠬᠥᠭᠵᠢᠯᠲᠡ ᠪᠠᠷ ᠠᠵᠤ ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ ᠃ ᠥᠭᠡᠷᠡᠴᠢᠯᠡᠯᠲᠡ ᠪᠠ ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠃ ᠣᠣᠮᠧᠨ ᠤ ᠨᠡᠭᠡᠭᠡᠯᠲᠡᠲᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠲᠥᠯᠥᠪᠵᠢᠭᠦᠯᠦᠨ ᠠᠬᠢᠭᠤᠯᠵᠤ ᠂ ︽ᠰᠢᠨ᠎ᠡ ᠡᠨᠧᠷᠭᠢ ᠶᠢᠨ ᠮᠠᠰᠢᠨ ᠲᠡᠷᠭᠡ ᠂ ᠯᠢᠲ᠋ᠢ ᠳ᠋ᠢᠶᠠᠨ ᡂᠢ ᠂ ᠭᠡᠷᠡᠯᠴᠢ ᠴᠡᠨᠡᠭ ᠤᠨ ᠦᠢᠯᠡᠳᠬᠦᠨ ︾ ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠶᠡᠭᠡ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠵᠤ ᠂ ᠬᠢᠲᠠᠳ ︵ ᠮᠣᠩᠭᠤᠯ ︶ ᠡᠮ ᠡᠮᠨᠡᠯᠭᠡ ᠶᠢᠨ ᠬᠥᠭᠵᠢᠯᠲᠡ ᠶᠢᠨ ᠰᠢᠨ᠎ᠡ ᠠᠯᠬᠤᠭ᠎ᠠ ᠪᠠᠷ ᠠᠯᠬᠤᠬᠤ ᠶᠢ ᠠᠬᠢᠭᠤᠯᠬᠤ ᠬᠡᠷᠡᠭᠲᠡᠢ ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠂ ᠨᠠᠩ ᠣᠯᠠᠨ ᠬᠡᠷᠡᠭᠯᠡᠭᠡᠨ ᠤ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠤᠨ ᠮᠠᠭᠠᠳᠯᠠᠵᠤ ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ ︾ ᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ ︾ ᠢ ᠪᠦᠭᠦ ᠬᠦᠴᠦᠨ ᠢᠶᠠᠷ ᠢᠶᠠᠨ ᠰᠠᠶᠢᠲᠤᠷ ᠰᠠᠬᠢᠬᠤ ᠬᠡᠷᠡᠭᠲᠡᠢ ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠤᠯᠭᠠᠵᠤ ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠬᠦᠴᠦᠲᠡᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ ᠃ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢ ᠦᠨᠡᠨ ᠬᠦ ᠰᠠᠶᠢᠲᠤᠷ ᠠᠳᠬᠤᠵᠤ ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠬᠤᠭᠤᠷᠣᠨᠳᠣᠭᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠨ ᠠᠷᠢᠯᠭᠠᠬᠤ ᠶᠢ ᠴᠢᠩᠭᠠᠳᠬᠠᠨ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢ ᠵᠢᠷᠤᠮᠵᠢᠭᠤᠯᠵᠤ ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃

      ᠬᠤᠷᠠᠯ ᠠᠴᠠ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠠᠷᠠᠳ ᠲᠦᠮᠡᠨ ᠬᠠᠨᠤᠮᠵᠢᠳᠠᠢ ᠠᠯᠪᠠᠲᠠᠨ ︾ ᠪᠠ ︽ ᠠᠷᠠᠳ ᠲᠦᠮᠡᠨ ᠬᠠᠨᠤᠮᠵᠢᠳᠠᠢ ᠠᠯᠪᠠᠲᠠᠨ ᠤ ᠬᠠᠮᠲᠤ ︾ ᠶᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠪᠦᠭᠦ ᠨᠡᠶᠢᠭᠡᠮ ᠳᠤ ᠦᠯᠢᠭᠡᠷ ᠳᠠᠭᠤᠷᠢᠶᠠᠯ ᠠᠴᠠ ᠲᠠᠭᠠᠨ ᠰᠤᠷᠤᠯᠴᠠᠬᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ