12 ᠰᠠᠷ᠎ᠠ ᠶᠢᠨ 30 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠢ ᠰᠤᠳᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠷᠡᠬᠦ ᠵᠢᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠯᠤᠭ᠎ᠠ ᠨᠢᠭᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡ ᠶᠢ ᠭᠥᠯᠢᠶᠡᠨ ᠠᠪᠴᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠣᠳᠠᠲᠠᠢ ᠬᠡᠷᠡᠭᠵᠢᠭᠦᠯᠬᠦ ᠲᠥᠰᠥᠯ ᠢ ᠲᠤᠰ ᠲᠤᠰ ᠲᠤᠨᠢ ᠲᠣᠭᠲᠠᠭᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠨ᠂ ︽ᠤᠷᠢᠳ ᠢᠶᠠᠷ ᠳᠠᠶᠢᠯᠠᠯᠳᠤᠭᠠᠨ ᠢᠶᠠᠨ ᠡᠬᠢᠯᠡᠭᠦᠯᠬᠦ︾ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠰᠤᠷᠤᠯᠭ᠎ᠠ ᠶᠢᠨ ᠰᠦᠢᠳᠬᠡᠯ ᠢ ᠲᠠᠯᠠᠭᠠᠷ ᠲᠤᠰᠢᠶᠠᠵᠤ ᠪᠤᠯᠬᠤ ᠦᠭᠡᠢ︾᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ᠂ ᠰᠠᠭᠤᠷᠢ ᠶᠢ ᠴᠢᠩᠭᠠᠳᠬᠠᠬᠤ᠂ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ᠂ ᠴᠢᠳᠠᠪᠤᠷᠢ ᠶᠢ ᠴᠢᠩᠭᠠᠳᠬᠠᠬᠤ ᠵᠡᠷᠭᠡ ᠲᠦᠷᠪᠡᠨ ᠵᠠᠩᠭᠢᠯᠠᠭ᠎ᠠ ᠶᠢ ᠴᠢᠩᠭ᠎ᠠ ᠠᠳᠬᠤᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ︔ ᠬᠤᠷᠠᠯ ᠠᠴᠠ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ᠂ ︽ᠣᠶᠤᠨᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ︾ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ ᠢ ᠰᠤᠳᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠵᠠᠰᠠᠬᠤ᠂ ᠭᠠᠮᠰᠢᠭ ᠠᠳᠡᠯ ᠢ ᠰᠢᠢᠳᠪᠦᠷᠢᠯᠡᠬᠦ᠂ ᠲᠤᠯᠭᠠᠭᠤᠷᠢᠯᠠᠯ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ︽ᠶᠢᠰᠦᠨ ᠵᠢᠵᠢᠭ ᠲᠠᠯᠠᠪᠤᠷ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠦᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠪᠦᠭᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ ᠢ ᠰᠤᠳᠤᠯᠵᠤ᠂ ᠪᠦᠭᠦ ᠣᠷᠣᠨ ᠤ ᠡᠯ᠎ᠡ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠶᠢᠰᠦᠨ ᠶᠡᠭᠡ ᠠᠵᠤ ᠦᠢᠯᠡᠰ ᠤᠨ ᠪᠦᠯᠦᠭᠵᠢᠯ ᠢ ᠰᠠᠶᠢᠲᠤᠷ ᠲᠥᠯᠥᠪᠵᠢᠭᠦᠯᠵᠦ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ ᠪᠣᠳᠠᠲᠠᠢ ᠬᠢᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠬᠤᠭᠤᠯᠠᠨ ᠤ ᠨᠥᠬᠦᠪᠦᠷᠢ᠂ ᠵᠠᠮ ᠬᠠᠷᠢᠯᠴᠠᠭ᠎ᠠ᠂ ᠬᠤᠨᠤᠭ ᠤᠨ ᠵᠠᠷᠤᠳᠠᠯ ᠤᠨ ᠪᠠᠷᠢᠮᠵᠢᠶ᠎ᠠ ᠶᠢ ᠲᠣᠬᠢᠷᠠᠭᠤᠯᠬᠤ ᠰᠠᠨᠠᠭᠤᠯᠭ᠎ᠠ ᠶᠢᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠳᠤ ᠣᠷᠣᠭᠤᠯᠤᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ ᠡᠮᠨᠡᠯᠭᠡ ᠳᠤ ᠰᠠᠭᠤᠵᠤ ᠡᠮᠨᠡᠭᠦᠯᠭᠦ ᠬᠤᠭᠤᠴᠠᠭᠠᠨ ᠳᠠᠬᠢ ᠡᠯ᠎ᠡ ᠵᠦᠢᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃
ᠬᠤᠷᠠᠯ ᠠᠴᠠ ᠪᠠᠰᠠ 2025 ᠣᠨ ᠤ ᠪᠦᠭᠦ ᠣᠷᠣᠨ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠬᠦ ᠵᠡᠷᠭᠡ ᠵᠦᠢᠯ ᠢ ᠰᠤᠳᠤᠯᠵᠠᠢ᠃
ᠬᠤᠷᠠᠯ ᠠᠴᠠ᠂ ︽ᠰᠢᠨ᠎ᠡ ᠵᠢᠯ ᠴᠠᠭᠠᠨ ᠰᠠᠷ᠎ᠠ︾ ᠤᠳᠠᠯ ᠦᠭᠡᠢ ᠬᠦᠷᠴᠦ ᠢᠷᠡᠬᠦ ᠪᠣᠯᠣᠯ᠎ᠠ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠪᠠᠲᠤᠯᠠᠭ᠎ᠠ ᠬᠠᠩᠭᠠᠯᠭ᠎ᠠ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠪᠠᠶᠠᠷ ᠤᠨ ᠡᠳᠦᠷ ᠢᠶᠠᠨ ᠪᠠᠶᠠᠷ ᠭᠦᠷ ᠲᠠᠢ ᠰᠡᠳᠬᠢᠯ ᠲᠠᠭᠠᠯᠠᠮᠵᠢᠲᠠᠢ ᠪᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃