ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 2025 ᠣᠨ ᠤ ᠰᠢᠨ᠎ᠡ ᠣᠨ ᠤ ᠰᠢ ᠵᠦᠴᠦᠭᠡ ᠶᠢᠨ ᠦᠳᠡᠰᠢᠯᠡᠭᠡ 30 ᠤ ᠣᠷᠣᠢ ᠤᠯᠤᠰ ᠤᠨ ᠶᠡᠭᠡ ᠲᠢᠶᠠᠲᠷ ᠲᠤ ᠶᠠᠪᠤᠭᠳᠠᠪᠠ ᠃ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠮᠲᠤ ᠲᠣᠬᠯᠠᠯᠲᠠ ᠶᠢ ᠰᠣᠨᠢᠷᠬᠠᠵᠤ ᠂ ᠰᠢᠨ᠎ᠡ ᠣᠨ ᠢ ᠪᠠᠶᠠᠷᠯᠠᠨ ᠤᠭᠲᠤᠵᠠᠢ ᠃
ᠦᠳᠡᠰᠢ ᠶᠢᠨ ᠪᠦᠷᠦᠢ ᠶᠢᠨ ᠤᠯᠤᠰ ᠤᠨ ᠶᠡᠭᠡ ᠲᠢᠶᠠᠲᠷ ᠲᠤ ᠥᠩᠭᠡᠲᠦ ᠳ᠋ᠧᠩ ᠳᠤᠸᠠᠯᠠᠵᠤ ᠂ ᠲᠢᠶᠠᠲᠷ ᠲᠤ ᠭᠦᠷ ᠬᠥᠭᠵᠢᠶᠡᠨ ᠢᠶᠠᠷ ᠪᠢᠯᠬᠠᠨ᠎ᠠ ᠃ 19 ᠴᠠᠭ 45 ᠮᠢᠨᠦ᠋ᠲ ᠤᠨ ᠦᠶ᠎ᠡ ᠪᠠᠷ ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠦᠳᠡᠰᠢᠯᠡᠭᠡ ᠶᠢᠨ ᠠᠬᠤᠢ ᠲᠠᠯᠠᠪᠠᠢ ᠳᠤ ᠢᠷᠡᠵᠤ ᠂ ᠲᠣᠬᠯᠠᠯᠲᠠ ᠰᠣᠨᠢᠷᠬᠠᠬᠤ ᠪᠠᠷ ᠢᠷᠡᠭᠰᠡᠨ ᠰᠢ ᠵᠦᠴᠦᠭᠡ ᠶᠢᠨ ᠡᠲᠡᠭᠡᠳ ᠤᠨ ᠤᠷᠠᠯᠢᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ ᠂ ᠬᠠᠷᠢᠯᠴᠠᠨ ᠮᠡᠨᠳᠦᠴᠢᠯᠡᠵᠦ ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃
ᠢᠷᠠᠭᠤ ᠠᠶᠠᠯᠭᠤ ᠤᠶᠠᠩᠭᠠᠲᠤ ᠬᠥᠭᠵᠢᠮ ᠢᠶᠠᠷ ᠢᠶᠠᠨ ᠰᠢᠨ᠎ᠡ ᠣᠨ ᠢᠶᠠᠨ ᠤᠭᠲᠤᠵᠤ ᠂ ᠡᠷᠲᠡᠨ ᠡᠳᠦᠭᠡ ᠶᠢᠨ ᠳᠠᠭᠤᠤ ᠡᠭᠡᠰᠢᠭ ᠢᠶᠠᠷ ᠢᠶᠠᠨ ᠠᠤᠭ᠎ᠠ ᠦᠢᠯᠡᠰ ᠢᠶᠠᠨ ᠳᠠᠭᠤᠯᠠᠨ᠎ᠠ ᠃ ︽ᠬᠦᠷᠢᠶᠡᠯᠡᠩ ᠳᠦᠭᠦᠷᠡᠩ ᠥᠨᠢᠷ ᠴᠡᠴᠡᠭ ᠢᠶᠠᠷ ᠰᠢᠨ᠎ᠡ ᠵᠢᠯ ᠢᠶᠠᠨ ᠤᠭᠲᠤᠶ᠎ᠠ ︾ ᠭᠡᠬᠦ ᠪᠠᠶᠠᠷ ᠪᠠᠶᠠᠰᠬᠤᠯᠠᠩ ᠲᠠᠢ ᠠᠶ᠎ᠠ ᠬᠥᠭᠵᠢᠮ ᠢᠶᠠᠷ ᠦᠳᠡᠰᠢᠯᠡᠭᠡ ᠶᠢ ᠡᠬᠢᠯᠡᠭᠦᠯᠪᠡ ᠃ ︽ᠪᠡᠭᠡᠵᠢᠩ ᠵᠦᠴᠦᠭᠡ ᠶᠢᠨ ᠤᠷᠤᠰᠬᠠᠯ ᠪᠦᠯᠦᠭ ᠨᠦᠭᠦᠳ ᠤᠨ ᠦᠵᠡᠭᠦᠯᠭᠡ ︾ ᠨᠢ ᠤᠷᠤᠰᠤᠮ᠎ᠠ ᠰᠠᠶᠢᠬᠠᠨ ᠴᠥᠷᠬᠡᠯᠡᠭᠡ ᠲᠤᠬᠯᠠᠯᠳᠠ ᠪᠠᠷ ᠪᠡᠭᠡᠵᠢᠩ ᠵᠦᠴᠦᠭᠡ ᠶᠢᠨ ᠤᠷᠠᠯᠢᠭ ᠤᠨ ᠰᠠᠯᠠᠭ᠎ᠠ ᠨᠠᠮᠠᠭ᠎ᠠ ᠡᠯᠪᠡᠭ ᠪᠠᠶᠠᠯᠢᠭ ᠪᠠᠶᠢᠬᠤ ᠶᠢ ᠬᠠᠷᠠᠭᠤᠯᠪᠠ ᠃ ᠪᠡᠭᠡᠵᠢᠩ ᠵᠦᠴᠦᠭᠡ ︽ᠴᠢᠨ ᠰᠢᠶᠠᠩ ᠯᠢᠶᠠᠨ ︾᠂ ᠺᠦᠨᠱᠠᠨ ᠵᠦᠴᠦᠭᠡ ︽ᠰᠢ ᠰᠢᠶᠠᠩ ᠵᠢᠢ ︾᠂ ᠫᠢᠩᠵᠢᠦᠢ ᠵᠦᠴᠦᠭᠡ ︽ᠯᠢᠦ ᠴᠢᠶᠣᠤ ᠡᠯ ︾᠂ ᠬᠤᠸᠠᠩᠮᠸᠢ ᠵᠦᠴᠦᠭᠡ ︽ᠳᠠᠭᠢᠨᠢ ᠡᠬᠡᠨᠡᠷ ︾ ᠵᠡᠷᠭᠡ ᠨᠢ ᠲᠤᠰ ᠲᠤᠰ ᠤᠨ ᠦᠨᠦᠷ ᠠᠮᠲᠠ ᠲᠠᠢ ᠪᠠᠶᠢᠵᠤ ᠂ ᠦᠵᠡᠭᠴᠢᠳ ᠲᠤ ᠰᠣᠩᠭᠤᠳᠠᠭ ᠦᠯᠢᠭᠡᠷ ᠳᠤᠮᠳᠠ ᠠᠴᠠ ᠰᠢᠯᠢᠳᠡᠭ ᠤᠯᠠᠮᠵᠢᠯᠠᠯᠲᠤ ᠤᠷᠠᠯᠢᠭ ᠤᠨ ᠳᠣᠲᠣᠭᠠᠳᠤ ᠠᠭᠤᠯᠤᠭᠳᠠᠬᠤᠨ ᠤ ᠷᠢᠳᠢ ᠰᠢᠳᠢ ᠶᠢ ᠮᠡᠳᠡᠷᠡᠭᠦᠯᠪᠡ ᠃ ᠪᠡᠭᠡᠵᠢᠩ ᠵᠦᠴᠦᠭᠡ ︽ᠱᠠ ᠵᠢᠶᠠ ᠪᠠᠩ · ᠤᠷᠠᠨ ᠠᠷᠭ᠎ᠠ ᠪᠠᠷ ᠲᠡᠮᠡᠴᠡᠭᠰᠡᠨ ᠨᠢ ︾ ᠪᠠ ︽ᠶᠠᠩ ᠣᠪᠣᠭᠲᠠᠨ ᠤ ᠡᠮᠡᠭᠲᠡᠢ ᠵᠠᠩᠵᠤᠨ ︾ ᠤ ᠰᠣᠩᠭᠤᠮᠠᠯ ᠬᠡᠰᠡᠭ ᠨᠢ ᠪᠠᠭᠠᠲᠤᠷᠯᠢᠭ ᠬᠥᠮᠥᠰ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠪᠡ ᠃ ᠪᠡᠭᠡᠵᠢᠩ ᠵᠦᠴᠦᠭᠡ ︽ᠮᠢᠨ ᠹᠠᠩ ᠯᠧᠢ · ᠲᠠᠭᠢᠨ ᠦᠯᠤ ᠰᠠᠯᠤᠯᠴᠠᠨᠠ ︾᠂ ︽ᠠᠭᠤᠯᠠᠨ ᠴᠡᠴᠡᠭ ᠮᠢᠷᠠᠯᠵᠠᠨ ᠳᠡᠯᠭᠡᠷᠡᠨᠡᠮ – ᠦᠨᠳᠦᠰᠦᠲᠡᠨ ᠤ ᠣᠷᠣᠨ ᠤ ᠰᠢ ᠵᠦᠴᠦᠭᠡ ᠶᠢᠨ ᠰᠣᠩᠭᠤᠮᠠᠯ ᠬᠡᠰᠡᠭ ︾ ᠨᠢ ᠡᠷᠲᠡᠨ ᠤ ᠵᠦᠴᠦᠭᠡ ᠶᠢᠨ ᠲᠦᠷᠦᠯ ᠢᠶᠠᠷ ᠤᠳᠤ ᠦᠶ᠎ᠡ ᠶᠢᠨ ᠰᠡᠳᠦᠪᠯᠡᠬᠦᠨ ᠢ ᠲᠣᠭᠯᠠᠵᠤ ᠂ ᠰᠢᠨ᠎ᠡ ᠰᠣᠷᠭᠤᠭ ᠴᠠᠭ ᠦᠶ᠎ᠡ ᠶᠢᠨ ᠠᠭᠤᠷ ᠠᠮᠢᠰᠬᠤᠯ ᠪᠣᠯᠣᠨ ᠪᠠᠶᠠᠯᠢᠭ ᠰᠠᠶᠢᠬᠠᠨ ᠦᠨᠳᠦᠰᠦᠲᠡᠨ ᠤ ᠵᠠᠩ ᠦᠢᠯᠡ ᠶᠢ ᠢᠯᠡᠷᠡᠭᠦᠯᠪᠡ ᠃ ᠪᠡᠭᠡᠵᠢᠩ ᠵᠦᠴᠦᠭᠡ ᠺᠦᠨᠱᠠᠨ ᠵᠦᠴᠦᠭᠡ ᠶᠢᠨ ᠪᠠᠭᠠᠴᠤᠳ ᠬᠡᠦᠬᠡᠳ ᠤᠨ ᠲᠣᠬᠯᠠᠯᠲᠠ ᠪᠠᠶᠠᠯᠢᠭ ᠰᠠᠶᠢᠬᠠᠨ ᠪᠠᠶᠢᠵᠤ ᠂ ᠰᠢ ᠵᠦᠴᠦᠭᠡ ᠶᠢᠨ ᠤᠷᠠᠯᠢᠭ ᠤᠨ ᠵᠠᠯᠭᠠᠮᠵᠢᠯᠠᠭᠴᠢ ᠲᠠᠢ ᠪᠠᠶᠢᠬᠤ ᠪᠠᠶᠠᠷᠯᠠᠭᠤᠰᠢᠲᠠᠢ ᠪᠠᠶᠢᠳᠠᠯ ᠢ ᠬᠠᠷᠠᠭᠤᠯᠤᠭᠰᠠᠨ ᠪᠠᠶᠢᠨ᠎ᠠ ᠃ ᠣᠮᠤᠭ ᠪᠠᠭ᠋ᠠᠳᠤᠮ᠎ᠠ ᠰᠦᠷ ᠳᠠᠯᠠᠶᠢᠴᠠᠲᠠᠢ ᠰᠢ ᠵᠦᠴᠦᠭᠡ ︽ᠬᠠᠪᠤᠷ ᠨᠠᠮᠤᠷ ᠤᠨ ᠴᠤᠤᠷᠢᠶ᠎ᠠ ︾ ᠨᠢ ᠦᠳᠡᠰᠢᠯᠡᠭᠡ ᠶᠢᠨ ᠠᠭᠤᠷ ᠠᠮᠢᠰᠬᠤᠯ ᠢ ᠤᠷᠭᠢᠯ ᠳᠤ ᠬᠦᠷᠭᠡᠵᠦ ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ ᠬᠥᠭᠵᠢᠯ ᠴᠡᠴᠡᠭᠯᠡᠯ ᠢ ᠴᠢᠷᠮᠠᠶᠢᠨ ᠠᠬᠢᠭᠤᠯᠵᠤ ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠭᠦᠷᠭᠡ ᠬᠥᠭᠡᠭᠡᠴᠡᠯᠳᠦᠯ ᠳᠤ ᠣᠷᠣᠯᠴᠠᠬᠰᠡᠨ ᠢ ᠢᠯᠡᠷᠡᠭᠦᠯᠪᠡ ᠃ ᠤᠷᠠᠯᠢᠭᠴᠢᠳ ᠤᠨ ᠭᠤᠶᠢᠳᠠ ᠰᠠᠶᠢᠬᠠᠨ ᠲᠣᠬᠯᠠᠯᠲᠠ ᠨᠢ ᠲᠠᠯᠠᠪᠠᠢ ᠳᠠᠶᠠᠭᠠᠷ ᠤᠨ ᠮᠠᠭᠲᠠᠭᠠᠯ ᠰᠠᠶᠢᠰᠢᠶᠠᠯ ᠪᠠ ᠬᠠᠯᠠᠭᠤᠨ ᠠᠯᠠᠭ᠎ᠠ ᠲᠡᠰᠢᠯᠲᠡ ᠶᠢ ᠣᠯᠪᠠ ᠃
ᠦᠳᠡᠰᠢᠯᠡᠭᠡ ᠳᠤ ᠂ ᠠᠳᠠᠯᠢ ᠪᠤᠰᠤ ᠵᠦᠴᠦᠭᠡ ᠶᠢᠨ ᠲᠦᠷᠦᠯ ᠥᠩᠭᠡ ᠢᠯᠭᠠᠷᠠᠵᠤ ᠂ ᠰᠣᠩᠭᠤᠳᠠᠭ ᠵᠦᠴᠦᠭᠡ ᠪᠣᠯᠣᠨ ᠰᠢᠨ᠎ᠡ ᠡᠭᠦᠳᠦᠯᠲᠡ ᠶᠢᠨ ᠰᠣᠳᠣᠨ ᠪᠦᠲᠦᠭᠡᠯ ᠲᠤᠰ ᠲᠤᠰ ᠤᠨ ᠣᠨᠴᠠᠯᠢᠭ ᠲᠠᠢ ᠪᠠᠶᠢᠵᠤ ᠂ ᠳᠤᠮᠳᠠᠳᠤ ᠶᠢᠨ ᠰᠢ ᠵᠦᠴᠦᠭᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠭᠵᠢᠯ ᠴᠡᠴᠡᠭᠯᠡᠯ ᠤᠨ ᠪᠠᠶᠢᠳᠠᠯ ᠢ ᠳᠡᠯᠭᠡᠨ ᠦᠵᠡᠭᠦᠯᠵᠦ ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠮᠡᠴᠡᠯ ᠤᠨ ᠢᠯᠠᠯᠲᠠ ᠶᠢᠨ ᠳᠠᠭᠤᠤ ᠶᠢ ᠬᠠᠩᠭᠢᠨᠠᠭᠤᠯᠪᠠ ᠃
ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠯᠠᠯᠲᠠ ᠶᠢ ᠰᠣᠨᠢᠷᠬᠠᠵᠠᠢ ᠃