|
12 ᠳ᠋ᠤᠭᠠᠷ ᠰᠠᠷ᠎ᠠ ᠶᠢᠨ 4 ᠤ ᠡᠳᠦᠷ ᠤᠨ ᠲᠣᠪᠴᠢ ᠮᠡᠳᠡᠭᠡ |
|
|
ᠨᠡᠶᠢᠲᠡᠯᠡᠭᠰᠡᠨ ᠴᠠᠭ᠄
2024/12/4
|
|
12 ᠳ᠋ᠤᠭᠠᠷ ᠰᠠᠷ᠎ᠠ ᠶᠢᠨ 2 ᠤᠨ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ 2024 ᠣᠨ ᠤ ᠨᠡᠶᠢᠲᠡᠯᠢᠭ ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠭᠠᠵᠠᠷ ᠬᠡᠷᠡᠭᠯᠡᠬᠦ ᠭᠤᠤᠯ ᠴᠣᠭᠴᠠ ᠶᠢ ᠬᠥᠲᠥᠯᠦᠨ ᠵᠢᠯᠤᠭᠤᠳᠬᠤ ᠪᠦᠲᠦᠮᠵᠢᠲᠡᠢ ᠲᠥᠷᠥᠯ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠥᠭᠡᠳ ᠦᠷᠭᠦᠯᠵᠢᠯᠡᠬᠦᠶᠢᠴᠡ ᠲᠥᠷᠥᠯ᠂ ᠵᠠᠬ᠎ᠠ ᠳᠡᠯᠭᠡᠭᠦᠷ ᠲᠤ ᠣᠷᠣᠭᠤᠯᠬᠤ ᠳᠡᠰ ᠳᠠᠷᠠᠭᠠᠯᠠᠯ ᠨᠢ ᠵᠢᠷᠤᠮᠵᠢᠭᠤᠨ ᠤᠷᠤᠭᠰᠢᠲᠠᠢ ᠲᠥᠷᠥᠯ᠂ ᠬᠠᠮ ᠬᠠᠩᠭᠠᠯᠭ᠎ᠠ ᠶᠢᠨ ᠲᠥᠷᠥᠯ ᠪᠠ ᠲᠥᠷᠥ ᠶᠢᠨ ᠪᠣᠳᠣᠯᠭ᠎ᠠ ᠪᠠᠷ ᠬᠠᠮᠵᠢᠯᠴᠠᠬᠤ ᠲᠥᠷᠥᠯ ᠵᠡᠷᠭᠡ ᠲᠠᠪᠤᠨ ᠶᠡᠭᠡ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ 44 ᠰᠣᠩᠭᠤᠵᠤ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠨᠢ ᠵᠠᠬ᠎ᠠ ᠳᠡᠯᠭᠡᠭᠦᠷ ᠲᠤ ᠣᠷᠣᠭᠤᠯᠬᠤ ᠳᠡᠰ ᠳᠠᠷᠠᠭᠠᠯᠠᠯ ᠨᠢ ᠵᠢᠷᠤᠮᠵᠢᠭᠤᠨ ᠤᠷᠤᠭᠰᠢᠲᠠᠢ ᠲᠥᠷᠥᠯ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠠᠮᠵᠢᠯᠲᠠ ᠲᠠᠢ ᠰᠣᠩᠭᠤᠭᠳᠠᠪᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠦᠶᠤᠸᠠᠨ ᠰᠢᠶᠠᠨ ᠤ ᠵᠠᠰᠠᠭ ᠤᠨ ᠣᠷᠳᠣᠨ︶ 12 ᠳ᠋ᠤᠭᠠᠷ ᠰᠠᠷ᠎ᠠ ᠶᠢᠨ 3 ᠤ ᠡᠳᠦᠷ᠂ ᠶᠡᠷᠦᠩᠬᠡᠶ ᠪᠠᠯᠠ ᠣᠷᠣᠭᠤᠯᠤᠯᠲᠠ ᠨᠢ 20 ᠳ᠋ᠦᠩᠰᠢᠭᠤᠷ ᠲᠥᠭᠦᠷᠢᠭ ᠪᠣᠯᠬᠤ ᠵᠢᠯ ᠳᠤ 2 ᠲᠦᠮᠡᠨ ᠲᠣᠨ ᠪᠣᠬᠢᠷᠲᠤᠯ ᠥᠬᠡᠶ ᠨᠡᠭᠦᠷᠡᠰᠦᠲᠥ᠋ᠷᠥᠭᠴᠢᠲᠦ ᠨᠠᠨᠤ᠋ ᠬᠤᠭᠤᠯᠠᠶ ᠵᠢᠴᠢ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ ᠵᠦᠢᠯ ᠲᠦᠩᠯᠢᠶᠣᠤ ᠬᠤᠲᠠ ᠳᠤ ᠰᠠᠭᠤᠷᠢᠰᠢᠪᠠ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠦᠢᠯᠡᠳᠪᠦᠷᠢᠯᠡᠯ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 38.5 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠣᠨ᠎ᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|