|
ᠰᠢᠯᠢ ᠶᠢᠨ ᠭᠤᠣᠯ ᠠᠶᠢᠮᠠᠭ ᠤᠨ ᠰᠢᠯᠢ ᠶᠢᠨ ᠭᠤᠣᠯ ᠨᠤᠭᠤ ᠭᠠᠵᠠᠷ ᠤᠨ ᠬᠠᠮᠠᠭᠠᠯᠠᠯᠲᠠ ᠦᠷᠭᠦᠯᠵᠢᠯᠡᠨ ᠰᠠᠶᠢᠵᠢᠷᠠᠵᠤ ᠪᠠᠶᠢᠨ᠎ᠠ |
|
|
ᠨᠡᠶᠢᠲᠡᠯᠡᠭᠰᠡᠨ ᠴᠠᠭ᠄
2024/2/1
|
|
ᠰᠢᠯᠢ ᠶᠢᠨ ᠬᠤᠲᠠ ᠳᠤ ᠪᠠᠶᠢᠭ᠎ᠠ ᠥᠪᠥᠷ ᠮᠣᠩᠭᠤᠯ ᠤᠨ ᠰᠢᠯᠢ ᠶᠢᠨ ᠭᠤᠣᠯ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠶᠡᠷᠦᠩᠬᠡᠢ ᠲᠠᠯᠠᠪᠠᠶ ᠨᠢ 6556 ᠾᠧᠺᠲ᠋ᠠᠷ᠂ ᠡᠭᠦᠨ ᠳᠤ ᠨᠤᠭᠤ ᠭᠠᠵᠠᠷ ᠤᠨ ᠲᠠᠯᠠᠪᠠᠶ ᠨᠢ 4681 ᠾᠧᠺᠲ᠋ᠠᠷ ᠪᠠᠶᠢᠵᠤ᠂ 71.4% ᠶᠢ ᠨᠢ ᠡᠵᠡᠯᠡᠨ᠎ᠡ᠃ 2018 ᠣᠨ ᠤ 12 ᠳ᠋ᠤᠭᠠᠷ ᠰᠠᠷ᠎ᠠ ᠳᠤ ᠤᠯᠤᠰ ᠲᠤ ᠰᠢᠯᠭᠠᠨ ᠵᠥᠪᠰᠢᠶᠡᠷᠡᠭᠳᠡᠵᠦ᠂ ᠰᠢᠯᠢ ᠶᠢᠨ ᠭᠤᠣᠯ ᠠᠶᠢᠮᠠᠭ ᠤᠨ ᠠᠩᠬᠠᠳᠠᠭᠴᠢ ᠤᠯᠤᠰ ᠤᠨ ᠲᠠᠰ ᠤᠨ ᠨᠤᠭᠤ ᠭᠠᠵᠠᠷ ᠤᠨ ᠴᠡᠴᠡᠷᠯᠢᠭ ᠪᠣᠯᠵᠠᠢ᠃ ᠲᠣᠰ ᠴᠡᠴᠡᠷᠯᠢᠭ ᠢ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠪᠣᠶᠢᠵᠢᠭᠤᠯᠬᠤ ᠲᠣᠭᠤᠷᠢᠭ᠂ ᠰᠡᠷᠭᠦᠭᠡᠵᠦ ᠳᠠᠬᠢᠨ ᠪᠠᠶᠢᠭᠤᠯᠬᠤ ᠲᠣᠭᠤᠷᠢᠭ᠂ ᠤᠬᠠᠭᠤᠯᠭ᠎ᠠ ᠬᠥᠮᠦᠵᠢᠯ ᠤᠨ ᠦᠵᠡᠭᠦᠯᠭᠡ ᠶᠢᠨ ᠲᠣᠭᠤᠷᠢᠭ᠂ ᠵᠦᠢ ᠵᠣᠬᠢᠰᠲᠠᠢ ᠠᠰᠢᠭᠯᠠᠬᠤ ᠲᠣᠭᠤᠷᠢᠭ ᠪᠠ ᠬᠠᠮᠢᠶᠠᠷᠤᠯᠲᠠ ᠦᠢᠯᠡᠴᠢᠯᠡᠭᠡᠨ ᠤ ᠲᠣᠭᠤᠷᠢᠭ ᠵᠡᠷᠭᠡ 5 ᠴᠢᠳᠠᠮᠵᠢᠲᠤ ᠣᠷᠣᠨ ᠪᠣᠯᠭᠠᠨ ᠬᠤᠪᠢᠶᠠᠪᠠ᠃ ᠳᠣᠲᠣᠭᠠᠳᠤ ᠬᠠᠭᠤᠷᠠᠢ ᠶᠢᠨ ᠲᠠᠩ ᠰᠠᠶᠢᠷᠭᠠᠯ ᠢᠶᠠᠷ ᠭᠤᠣᠯᠯᠠᠵᠤ᠂ ᠡᠬᠢ ᠪᠠᠶᠠᠯᠢᠭ ᠡᠯᠪᠡᠭ᠂ ᠪᠣᠳᠠᠰ ᠤᠨ ᠲᠥᠷᠥᠯ ᠣᠯᠠᠨ ᠪᠠᠶᠢᠵᠤ᠂ ᠰᠢᠯᠢ ᠶᠢᠨ ᠭᠤᠣᠯ ᠤᠨ ᠰᠠᠪᠠ ᠭᠠᠵᠠᠷ ᠤᠨ ᠨᠤᠭᠤ ᠭᠠᠵᠠᠷ ᠤᠨ ᠪᠠᠷᠤᠭ ᠪᠣᠶ ᠪᠦᠬᠦᠢ ᠤᠷᠭᠤᠮᠠᠯ ᠤᠨ ᠲᠥᠷᠥᠯ ᠢ ᠬᠠᠮᠤᠷᠴᠤ᠂ ᠰᠡᠷᠢᠭᠦᠨ ᠪᠦᠰᠡ ᠶᠢᠨ ᠬᠡᠭᠡᠷ᠎ᠡ ᠲᠠᠯ᠎ᠠ ᠶᠢᠨ ᠤᠷᠭᠤᠮᠠᠯ ᠤᠨ ᠬᠤᠴᠢᠯᠭ᠎ᠠ ᠶᠢᠨ ᠲᠥᠷᠥᠯ ᠴᠦ ᠲᠠᠷᠬᠠᠵᠤ ᠪᠠᠶᠢᠳᠠᠭ᠃ 2022 ᠣᠨ ᠤ 11 ᠳ᠋ᠦ᠋ᠭᠡᠷ ᠰᠠᠷ᠎ᠠ ᠳᠤ ᠰᠢᠯᠢ ᠶᠢᠨ ᠭᠤᠣᠯ ᠨᠤᠭᠤ ᠭᠠᠵᠠᠷ ᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠨᠤᠭᠤ ᠭᠠᠵᠠᠷ ᠪᠣᠯ ᠬᠥᠮᠥᠨ ᠲᠥᠷᠥᠯᠬᠢᠲᠡᠨ ᠤ ᠬᠠᠮᠤᠭ ᠤᠨ ᠴᠢᠬᠤᠯᠠ ᠣᠷᠴᠢᠨ ᠲᠣᠭᠤᠷᠢᠨ ᠤ ᠬᠥᠷᠥᠩᠭᠡ ᠶᠢᠨ ᠨᠢᠭᠡ ᠪᠣᠯᠬᠤ ᠪᠥᠭᠡᠳ ᠪᠠᠶᠢᠭᠠᠯᠢ ᠶᠢᠨ ᠠᠮᠢᠳᠤ ᠪᠣᠳᠠᠰ ᠤᠨ ᠣᠯᠠᠨ ᠶᠠᠩᠵᠤᠲᠤ ᠢᠶᠠᠷ ᠡᠯᠪᠡᠭ ᠪᠠ ᠦᠢᠯᠡᠳᠪᠦᠷᠢᠯᠡᠯ ᠤᠨ ᠬᠦᠴᠦᠨ ᠢᠶᠠᠷ ᠨᠡᠯᠢᠶᠡᠳ ᠥᠨᠳᠥᠷ ᠠᠮᠢ ᠠᠬᠤᠢ ᠶᠢᠨ ᠰᠢᠰᠲ᠋ᠧᠮ ᠪᠣᠯᠣᠨ᠎ᠠ᠃ ᠤᠰᠤᠨ ᠤ ᠡᠬᠢ ᠪᠠᠶᠠᠯᠢᠭ ᠢ ᠬᠠᠩᠭᠠᠬᠤ᠂ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠦᠶᠡᠷ ᠤᠨ ᠤᠰᠤ ᠶᠢ ᠲᠡᠭᠰᠢᠳᠬᠡᠬᠦ᠂ ᠡᠯᠡᠰᠦ ᠶᠢ ᠨᠥᠯᠦᠵᠦ ᠠᠷᠠᠯ ᠭᠠᠷᠭᠠᠬᠤ᠂ ᠪᠣᠬᠢᠷᠲᠤᠯ ᠪᠣᠳᠠᠰ ᠢ ᠵᠠᠳᠠᠷᠠᠭᠤᠯᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠠ ᠬᠥᠮᠥᠨ ᠲᠥᠷᠥᠯᠬᠢᠲᠡᠨ ᠳᠤ ᠦᠢᠯᠡᠳᠪᠦᠷᠢᠯᠡᠯ ᠠᠮᠢᠳᠤᠷᠠᠯ ᠤᠨ ᠡᠬᠢ ᠪᠠᠶᠠᠯᠢᠭ ᠬᠠᠩᠭᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠳᠡᠭ ᠢᠶᠠᠷ ᠢᠶᠠᠨ ︽ᠳᠡᠯᠡᠬᠡᠢ ᠶᠢᠨ ᠪᠥᠮᠪᠥᠷᠴᠡᠭ ᠤᠨ ᠪᠥᠭᠡᠷ᠎ᠡ︾ ᠬᠡᠮᠡᠭᠳᠡᠪᠡ᠃ ᠡᠨᠡ ᠵᠢᠯ ᠤᠨ 2 ᠳ᠋ᠤᠭᠠᠷ ᠰᠠᠷ᠎ᠠ ᠶᠢᠨ 2 ᠤᠨ ᠡᠳᠦᠷ ᠪᠣᠯ ᠬᠤᠷᠢᠨ ᠨᠠᠢᠮᠠᠳᠠᠭᠢ ︽ᠳᠡᠯᠡᠬᠡᠢ ᠶᠢᠨ ᠨᠤᠭᠤ ᠭᠠᠵᠠᠷ ᠤᠨ ᠡᠳᠦᠷ︾ ᠪᠠᠶᠢᠵᠤ᠂ ︽ᠨᠤᠭᠤ ᠭᠠᠵᠠᠷ ᠬᠢᠭᠡᠳ ᠬᠥᠮᠥᠨ ᠲᠥᠷᠥᠯᠬᠢᠲᠡᠨ ᠤ ᠪᠤᠶᠠᠨ ᠵᠢᠷᠭᠠᠯ︾ ᠢᠶᠠᠷ ᠰᠡᠳᠦᠪᠯᠡᠵᠡᠢ᠃ 1971 ᠣᠨ ᠤ 2 ᠳ᠋ᠤᠭᠠᠷ ᠰᠠᠷ᠎ᠠ ᠶᠢᠨ 2 ᠤᠨ ᠡᠳᠦᠷ᠂ 18 ᠤᠯᠤᠰ ᠠᠴᠠ ᠢᠷᠡᠭᠰᠡᠨ ᠲᠥᠯᠥᠭᠡᠯᠡᠭᠴᠢᠳ ᠢᠷᠡᠨ ᠤ ᠡᠮᠦᠨ᠎ᠡ ᠬᠡᠰᠡᠭ ᠤᠨ ᠳᠠᠯᠠᠶ ᠶᠢᠨ ᠬᠥᠪᠡᠭᠡᠨ ᠤ ᠵᠢᠵᠢᠭ ᠬᠤᠲᠠ ᠷᠠᠮᠰᠠᠷ ᠲᠤ ᠪᠦᠬᠦ ᠪᠥᠮᠪᠥᠷᠴᠡᠭ ᠤᠨ ᠨᠤᠭᠤ ᠭᠠᠵᠠᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠨᠡᠶᠢᠲᠡ ᠶᠢᠨ ᠭᠡᠷ᠎ᠡ — ︽ᠣᠨᠴᠠᠭᠠᠶᠢᠯᠠᠨ ᠤᠰᠤᠨ ᠵᠢᠭᠦᠷᠲᠡᠨ ᠤ ᠣᠷᠣᠩᠨᠠᠬᠤ ᠭᠠᠵᠠᠷ ᠪᠣᠯᠬᠤ ᠣᠯᠠᠨ ᠤᠯᠤᠰ ᠤᠨ ᠴᠢᠬᠤᠯᠠ ᠨᠤᠭᠤ ᠭᠠᠵᠠᠷ ᠤᠨ ᠲᠤᠬᠠᠢ ᠨᠡᠶᠢᠲᠡ ᠶᠢᠨ ᠭᠡᠷ᠎ᠡ︾ ᠳᠤ ᠭᠠᠷ ᠤᠨ ᠦᠰᠦᠭ ᠵᠢᠷᠤᠵᠠᠭᠠᠪᠠ᠃ ᠲᠤᠰ ᠨᠡᠶᠢᠲᠡ ᠶᠢᠨ ᠭᠡᠷ᠎ᠡ 1975 ᠣᠨ ᠤ 12 ᠳ᠋ᠤᠭᠠᠷ ᠰᠠᠷ᠎ᠠ ᠶᠢᠨ 21 ᠤ ᠡᠳᠦᠷ ᠵᠢᠩᠬᠢᠨᠢ ᠪᠠᠷ ᠬᠦᠴᠦᠨ ᠲᠠᠢ ᠪᠣᠯᠵᠤ᠂ ᠣᠳᠣᠬᠠᠨ ᠳᠤ 170 ᠭᠡᠷᠡᠲᠦ ᠲᠠᠯ᠎ᠠ ᠲᠠᠢ ᠪᠣᠯᠵᠠᠢ᠃ ᠳᠤᠮᠳᠠᠳᠤ ᠤᠯᠤᠰ 1992 ᠣᠨ ᠳᠤ ᠲᠤᠰ ᠨᠡᠶᠢᠲᠡ ᠶᠢᠨ ᠭᠡᠷ᠎ᠡ ᠳᠤ ᠣᠷᠣᠯᠴᠠᠪᠠ᠃ 1996 ᠣᠨ ᠤ ︽ᠨᠤᠭᠤ ᠭᠠᠵᠠᠷ ᠤᠨ ᠨᠡᠶᠢᠲᠡ ᠶᠢᠨ ᠭᠡᠷ᠎ᠡ︾ ᠶᠢᠨ ᠪᠠᠶᠢᠩᠭᠤ ᠶᠢᠨ ᠺᠣᠮᠢᠰ ᠤᠨ 19 ᠳ᠋ᠦ᠋ᠭᠡᠷ ᠬᠤᠷᠠᠯ ᠳᠤ᠂ 1997 ᠣᠨ ᠠᠴᠠ ᠡᠬᠢᠯᠡᠨ᠂ ᠵᠢᠯ ᠪᠦᠷᠢ ᠶᠢᠨ 2 ᠳ᠋ᠤᠭᠠᠷ ᠰᠠᠷ᠎ᠠ ᠶᠢᠨ 2 ᠤᠨ ᠡᠳᠦᠷ ᠢ ᠳᠡᠯᠡᠬᠡᠢ ᠶᠢᠨ ᠨᠤᠭᠤ ᠭᠠᠵᠠᠷ ᠤᠨ ᠡᠳᠦᠷ ᠪᠣᠯᠭᠠᠨ᠎ᠠ ᠭᠡᠵᠦ ᠲᠣᠭᠲᠠᠭᠠᠵᠠᠢ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|