ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠵᠢᠭᠡᠯᠡᠯᠭᠡ ᠨᠡᠮᠡᠵᠦ ᠲᠠᠷᠬᠠᠭᠠᠬᠤ ᠲᠦᠰᠦᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ  ᠳᠠᠶᠢᠴᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/2/20


      2 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠦᠰᠦᠯ ᠢ ᠪᠠᠶᠢᠷᠢᠯᠠᠭᠤᠯᠤᠨ ᠠᠬᠢᠭᠤᠯᠬ᠊ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ ᠃

      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ  ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠵᠤ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠦᠰᠦᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤ ᠪᠠᠶᠢᠷᠢᠯᠠᠭᠤᠯᠵᠤ ᠂ ᠲᠥᠯᠥᠪᠯᠡᠭᠡ ᠶᠢᠨ ᠳᠠᠭᠠᠤ ᠠᠵᠢᠯᠯᠠᠨ᠂ ᠠᠵᠢᠯ ᠤᠨ ᠪᠠᠶᠢᠷᠢᠯᠠᠭᠤᠯᠤᠯᠲᠠ ᠲᠦᠷᠭᠡᠨ ᠂ ᠡᠮᠦᠨᠡᠬᠢ ᠬᠤᠭᠤᠴᠠᠭᠠᠨ ᠤ ᠠᠵᠢᠯ ᠲᠦᠷᠭᠡᠨ ᠂ ᠲᠦᠰᠦᠯ ᠤᠨ ᠪᠦᠲᠦᠭᠡᠨ ᠪᠠᠶᠢᠭᠤᠯᠤᠯᠲᠠ ᠲᠦᠷᠭᠡᠨ ᠂ ᠪᠡᠯᠡ ᠮᠥᠩᠭᠦ ᠶᠢᠨ ᠵᠠᠷᠤᠯᠭ᠎ᠠ ᠲᠦᠷᠭᠡᠨ ᠂ ᠪᠠᠷᠢᠯᠭ᠎ᠠ ᠶᠢᠨ ᠶᠠᠰᠤ ᠴᠢᠨᠠᠷ ᠥᠨᠳᠥᠷ ᠪᠠᠶᠢᠬᠤ ᠶᠢ ᠪᠡᠶᠡᠯᠡᠭᠦᠯᠵᠦ ᠂ ︽ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ ᠂ ᠲᠤᠬᠠᠢ ᠶᠢᠨ ᠵᠢᠯ ᠳᠤ ᠪᠠᠨ ᠠᠵᠢᠯ ᠢᠶᠠᠨ ᠳᠠᠭᠤᠰᠬᠠᠬᠤ ︾᠎ ᠶᠢ ᠪᠠᠲᠤᠯᠠᠵᠤ ᠂ ᠠᠷᠠᠳ ᠤᠨ ᠰᠡᠳᠬᠢᠯ ᠤᠨ ᠢᠨᠵᠧᠨᠧᠷᠢᠩ ᠂ ᠴᠢᠨᠠᠷ ᠰᠠᠶᠢᠲᠠᠢ ᠢᠨᠵᠧᠨᠧᠷᠢᠩ ᠂ ᠠᠷᠢᠭᠤᠨ ᠴᠢᠬᠡᠴᠢ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ