ᠱᠠᠩᠨᠠᠯ ᠨᠢ ᠬᠠᠮᠤᠭ ᠥᠨᠳᠥᠷ ᠲᠤ ᠪᠠᠨ 500 ᠲᠦᠮᠡᠨ ᠲᠥᠭᠦᠷᠢᠭ︕ ᠰᠢᠯᠢ ᠶᠢᠨ ᠭᠤᠣᠯ ᠠᠶᠢᠮᠠᠭ ᠲᠥᠷᠥ ᠶᠢᠨ ᠪᠣᠳᠣᠯᠭ᠎ᠠ ᠨᠡᠶᠢᠲᠡᠯᠡᠵᠦ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/2/20

ᠣᠶᠢᠷ᠎ᠠ ᠳᠤ᠂ ᠰᠢᠯᠢ ᠶᠢᠨ ᠭᠤᠣᠯ ᠠᠶᠢᠮᠠᠭ ︽ᠰᠢᠯᠢ ᠶᠢᠨ ᠭᠤᠣᠯ ᠠᠶᠢᠮᠠᠭ ᠤᠨ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠦᠷ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠡᠨᠡ ᠵᠢᠯ ᠪᠠ ᠢᠷᠡᠬᠦ ᠵᠢᠯ ᠳᠤ ᠲᠣᠰ ᠠᠶᠢᠮᠠᠭ ᠠᠯᠠᠰᠢᠨ ᠦᠬᠡᠷ ᠢ ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠨᠠᠭᠰᠢᠳᠠ ᠤᠯᠠᠮ ᠪᠤᠵᠠᠭᠠᠶᠢᠷᠠᠭᠤᠯᠤᠨ ᠴᠢᠩᠭᠠᠳᠬᠠᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠳᠤᠲᠠᠭᠳᠠᠯ ᠢ ᠨᠥᠬᠦᠵᠦ᠂ ᠠᠵᠤ ᠦᠢᠯᠡᠰ ᠤᠨ ᠬᠡᠯᠬᠢᠶ᠎ᠡ ᠶᠢ ᠰᠤᠩᠭᠠᠨ᠎ᠠ ᠭᠡᠵᠦ ᠲᠣᠳᠣᠷᠬᠠᠢ ᠲᠣᠭᠲᠠᠭᠠᠵᠠᠢ᠃

ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ᠂ ᠰᠢᠯᠢ ᠶᠢᠨ ᠭᠤᠣᠯ ᠠᠶᠢᠮᠠᠭ ︽ᠡᠷᠦᠬᠡ ᠦᠷᠡᠵᠢᠭᠦᠯᠵᠦ ᠠᠵᠤ ᠠᠬᠤᠶᠢᠯᠠᠯ ᠪᠣᠶᠢᠵᠢᠭᠤᠯᠬᠤ︾ ᠬᠠᠮᠲᠤᠷᠠᠯᠴᠠᠭᠠᠨ ᠤ ᠵᠠᠭᠪᠤᠷ ᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠤᠭᠤᠯ ᠦᠷᠡᠵᠢᠭᠦᠯᠦᠨ ᠪᠣᠶᠢᠵᠢᠭᠤᠯᠬᠤ ᠶᠢᠨ ᠬᠠᠮᠲᠤ ᠠᠶᠢᠮᠠᠭ ᠳᠣᠲᠣᠷᠠᠬᠢ ᠪᠣᠷᠳᠣᠬᠤ ᠲᠠᠯᠠᠪᠠᠶ ᠳᠤ ᠬᠤᠳᠠᠯᠳᠤᠨ ᠥᠭᠴᠦ᠂ ᠪᠣᠷᠳᠣᠬᠤ ᠲᠠᠯᠠᠪᠠᠶ ᠨᠢ ᠲᠤᠭᠤᠯ ᠬᠤᠷᠢᠶᠠᠨ ᠠᠪᠴᠤ ᠪᠣᠷᠳᠣᠨ᠎ᠠ︔ ᠵᠣᠬᠢᠬᠤ ᠬᠡᠪᠴᠢᠶᠡᠲᠦ ᠠᠯᠠᠰᠢᠨ ᠦᠬᠡᠷ ᠪᠣᠷᠳᠣᠬᠤ ᠶᠢ ᠵᠣᠷᠢᠭᠵᠢᠭᠤᠯᠤᠨ ᠬᠥᠭᠵᠢᠭᠦᠯᠵᠦ᠂ ᠠᠶᠢᠮᠠᠭ ᠳᠣᠲᠣᠷᠠᠬᠢ ᠪᠣᠷᠳᠣᠬᠤ ᠠᠵᠤ ᠠᠬᠤᠶᠢᠯᠠᠯ ᠤᠨ ᠭᠠᠷᠴᠠᠭ ᠤᠨ ᠲᠠᠩᠰᠠ ᠡᠪᠬᠡᠮᠡᠯ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠠᠶᠢᠮᠠᠭ ᠳᠣᠲᠣᠷᠠᠬᠢ ᠠᠯᠠᠰᠢᠨ ᠦᠬᠡᠷ ᠪᠣᠷᠳᠣᠬᠤ ᠲᠠᠯᠠᠪᠠᠶ ᠨᠢ ᠪᠣᠷᠳᠣᠭᠰᠠᠨ ᠦᠬᠡᠷ ᠢᠶᠠᠨ ᠠᠶᠢᠮᠠᠭ ᠳᠣᠲᠣᠷᠠᠬᠢ ᠡᠳ᠋ᠰᠢᠭᠦᠯᠬᠦ ᠠᠵᠤ ᠠᠬᠤᠶᠢᠯᠠᠯ ᠳᠤ ᠪᠣᠷᠣᠯᠠᠭᠤᠯᠪᠠᠯ ᠨᠥᠬᠦᠪᠦᠷᠢ ᠣᠯᠭᠤᠨ᠎ᠠ︔ ᠠᠶᠢᠮᠠᠭ ᠳᠣᠲᠣᠷᠠᠬᠢ ᠨᠢᠲᠤᠯᠬᠤ ᠠᠵᠤ ᠠᠬᠤᠶᠢᠯᠠᠯ ᠤᠨ ᠨᠠᠷᠢᠯᠢᠭ ᠡᠳ᠋ᠰᠢᠭᠦᠯᠬᠦ ᠶᠢ ᠳᠡᠮᠵᠢᠵᠦ᠂ ᠠᠶᠢᠮᠠᠭ ᠳᠣᠲᠣᠷ᠎ᠠ ᠪᠠᠨ ᠵᠢᠯ ᠳᠤ 2000 ᠲᠣᠯᠣᠭᠠᠢ ᠠᠴᠠ ᠳᠡᠭᠡᠭᠰᠢ ᠦᠬᠡᠷ ᠪᠣᠷᠳᠣᠭᠰᠠᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠵᠤ᠂ 100 ᠲᠣᠯᠣᠭᠠᠢ ᠨᠡᠮᠡᠭᠳᠡᠬᠦ ᠪᠦᠷᠢ 5 ᠲᠦᠮᠡᠨ ᠲᠥᠭᠦᠷᠢᠭ ᠢᠯᠡᠭᠦᠦ ᠱᠠᠩᠨᠠᠵᠤ᠂ ᠱᠠᠩᠨᠠᠬᠤ ᠲᠤᠭ᠎ᠠ ᠶᠢ ᠬᠠᠮᠤᠭ ᠥᠨᠳᠥᠷ ᠲᠤ ᠪᠠᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︔ ᠠᠯᠠᠰᠢᠨ ᠦᠬᠡᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠶᠢᠮᠠᠭ ᠳᠣᠲᠣᠷ᠎ᠠ ᠪᠠᠨ ᠪᠣᠷᠳᠣᠭᠰᠠᠨ ᠦᠬᠡᠷ ᠢ ᠨᠢᠲᠤᠯᠵᠤ ᠡᠳ᠋ᠰᠢᠭᠦᠯᠦᠭᠰᠡᠨ ᠮᠥᠷᠲᠡᠭᠡᠨ C ᠦᠵᠦᠭᠦᠷ ᠤᠨ ᠪᠣᠷᠤᠯᠠᠭᠤᠯᠭ᠎ᠠ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠰᠢᠯᠢ ᠶᠢᠨ ᠭᠤᠣᠯ ᠬᠤᠨᠢᠨ ᠤ ᠡᠷᠬᠡ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠬᠦᠢᠲᠡᠨ ᠬᠡᠯᠬᠢᠶᠡᠲᠦ ᠲᠡᠭᠡᠭᠡᠪᠦᠷᠢ ᠪᠠ ᠤᠷᠢᠳᠠᠴᠢ ᠬᠥᠮᠥᠷᠭᠡ ᠶᠢ ᠤᠷᠢᠳ ᠢᠶᠠᠷ ᠬᠡᠷᠡᠭᠯᠡᠭᠦᠯᠦᠨ᠎ᠡ᠃

ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠮᠥᠩᠭᠦᠨ ᠭᠦᠢᠯᠭᠡᠭᠡ ᠢᠲᠡᠭᠡᠮᠵᠢ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠨᠥᠬᠦᠴᠡᠯ ᠳᠤ ᠨᠡᠶᠢᠴᠡᠬᠦ ᠬᠡᠪᠴᠢᠶᠡᠵᠢᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠨᠢ ᠲᠤᠰᠠᠯᠠᠮᠵᠢ ᠶᠢᠨ ᠪᠠᠲᠤᠯᠠᠭᠠᠲᠤ ᠵᠢᠭᠡᠯᠡᠯᠭᠡ ᠭᠤᠶᠤᠴᠢᠯᠠᠬᠤ ᠳᠤ ᠰᠢᠯᠢ ᠶᠢᠨ ᠭᠤᠣᠯ ᠬᠤᠨᠢᠨ ᠤ ᠡᠷᠬᠡ ᠣᠯᠭᠤᠭᠰᠠᠨ ᠠᠵᠤ ᠠᠬᠤᠶᠢᠯᠠᠯ ᠯᠤᠭ᠎ᠠ ᠠᠳᠠᠯᠢ ᠨᠥᠬᠦᠴᠡᠯ ᠢᠶᠠᠷ ᠤᠷᠢᠳ ᠢᠶᠠᠷ ᠳᠡᠮᠵᠢᠨ᠎ᠡ᠃ ᠵᠢᠭᠡᠯᠡᠯᠭᠡ ᠶᠢᠨ ᠲᠤᠭ᠎ᠠ ᠶᠢ ᠪᠣᠷᠳᠣᠬᠤ ᠪᠠ ᠨᠢᠲᠤᠯᠵᠤ ᠡᠳ᠋ᠰᠢᠭᠦᠯᠬᠦ ᠪᠣᠳᠠᠲᠠᠢ ᠲᠤᠭ᠎ᠠ ᠯᠤᠭ᠎ᠠ ᠬᠤᠯᠪᠣᠭᠳᠠᠭᠤᠯᠵᠤ᠂ 3000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠲᠡᠶᠢᠮᠦ ᠮᠥᠷᠲᠡᠭᠡᠨ ᠠᠷᠠᠳ ᠤᠨ ᠪᠠᠩᠬᠢ ᠶᠢᠨ ᠨᠡᠶᠢᠲᠡᠯᠡᠭᠰᠡᠨ ᠲᠤᠬᠠᠢ ᠶᠢᠨ ᠬᠤᠭᠤᠴᠠᠭᠠᠨ ᠤ LPR ︵ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ︶ ᠠᠴᠠ ᠥᠨᠳᠥᠷ ᠦᠭᠡᠢ ᠪᠠᠷ 50% ᠶᠢᠨ ᠳᠠᠮ ᠬᠦᠦ ᠥᠭᠭᠦᠨ᠎ᠡ᠃

ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠰᠢᠯᠢ ᠶᠢᠨ ᠭᠤᠣᠯ ᠠᠶᠢᠮᠠᠭ ᠤᠨ ᠠᠩᠭᠦᠰ ᠦᠬᠡᠷ ︵安格斯牛︶ ᠸᠠ ᠦᠬᠡᠷ ︵和牛︶ ᠤᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ 1 ᠠᠴᠠ 2 ᠳᠡᠭᠡᠳᠦ ᠲᠠᠰ ᠤᠨ ᠠᠯᠠᠰᠢᠨ ᠦᠬᠡᠷ ᠤᠨ ᠨᠢᠭᠡ ᠴᠣᠭᠴᠠᠵᠢᠭᠰᠠᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠠᠲᠠᠵᠤ᠂ ᠠᠶᠢᠮᠠᠭ ᠳᠣᠲᠣᠷ᠎ᠠ ᠪᠠᠨ ᠪᠣᠷᠳᠣᠬᠤ ᠳᠡᠭᠡᠳᠦ ᠲᠠᠰ ᠤᠨ ᠦᠬᠡᠷ ᠤᠨ ᠮᠢᠬ᠎ᠠ ᠶᠢ ᠨᠠᠷᠢᠯᠢᠭ ᠡᠳ᠋ᠰᠢᠭᠦᠯᠦᠨ ᠪᠣᠷᠣᠯᠠᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠲᠣᠰ ᠠᠶᠢᠮᠠᠭ ᠤᠨ ᠳᠡᠭᠡᠳᠦ ᠲᠠᠰ ᠤᠨ ᠠᠯᠠᠰᠢᠨ ᠦᠬᠡᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ