ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/2/20

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 22 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

2023 ᠣᠨ ᠤ 2 ᠳ᠋ᠤᠭᠠᠷ ᠰᠠᠷ᠎ᠠ ᠶᠢᠨ 26 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ

 

      ︽ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾ ︵ᠲᠥᠷᠥ ᠠᠯᠪᠠᠨ ᠲᠠᠷᠬᠠᠭᠠᠭᠰᠠᠨ ﹇ 2022﹈ 15 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠠᠶᠢᠲᠤᠷ ᠪᠡᠶᠡᠯᠡᠭᠦᠯᠬᠦ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠲᠣᠰ ᠲᠥᠰᠥᠯ ᠢ ᠲᠣᠭᠲᠠᠭᠠᠪᠠ ᠃

       ᠨᠢᠭᠡ ᠂ ᠭᠤᠣᠯ ᠬᠠᠷᠠᠯᠲᠠ

      2023 ᠣᠨ ᠪᠣᠯᠬᠤ ᠳᠤ ᠂ ᠪᠥᠬᠦ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ ᠂ ᠬᠡᠷᠡᠭᠯᠡᠯᠲᠡ ᠂ ᠭᠠᠳᠠᠭᠰᠢᠯᠠᠭᠤᠯᠤᠯᠲᠠ ᠶᠢᠨ ᠪᠠᠶᠢᠳᠠᠯ ᠢ ᠦᠨᠳᠦᠰᠦᠨ ᠳᠤ ᠪᠠᠨ ᠣᠶᠢᠯᠠᠭᠠᠨ ᠲᠣᠳᠣᠯᠠᠵᠤ ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠠᠵᠢᠯ ᠲᠥᠷᠥᠯ ᠂ ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠳᠣᠷᠬᠠᠢ ᠲᠣᠭᠲᠠᠭᠠᠨ᠎ᠠ ᠃ 2025 ᠣᠨ ᠪᠣᠯᠬᠤ ᠳᠤ ᠂ ᠠᠩᠬᠠᠷᠤᠯ ᠳᠤ ᠶᠡᠬᠡᠳᠡ ᠬᠥᠷᠥᠭᠰᠡᠨ ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠢ ᠴᠠᠭᠠᠵᠠᠯᠠᠬᠤ ᠂ ᠬᠢᠵᠠᠭᠠᠷᠯᠠᠬᠤ ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ ᠂ ᠬᠢᠨᠠᠨ ᠬᠡᠮᠵᠢᠬᠦ ᠂ ᠰᠢᠭᠰᠢᠨ ᠪᠠᠶᠢᠴᠠᠭᠠᠬᠤ ᠂ ᠦᠨᠡᠯᠡᠨ ᠵᠢᠱᠢᠬᠦ ᠂ ᠬᠠᠮᠢᠶᠠᠷᠤᠨ ᠡᠵᠡᠮᠳᠡᠬᠦ ᠂ ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃

      ᠬᠤᠶᠠᠷ ᠂ ᠠᠵᠢᠯᠯᠠᠬᠤ ᠠᠷᠭ᠎ᠠ ᠠᠪᠴᠠᠯ

      ︵ᠨᠢᠭᠡ︶ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ  ᠶᠢ ᠥᠷᠨᠢᠭᠦᠯᠦᠨ᠎ᠡ ᠃

      1.ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠦᠨ᠎ᠡ ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ ᠂ ᠭᠤᠣᠯᠳᠠᠯᠭ᠎ᠠ ᠲᠠᠢ ᠠᠵᠢᠯ ᠲᠥᠷᠥᠯ ᠳᠠᠬᠢ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠲᠥᠷᠥᠯ ᠵᠦᠢᠯ ᠂ ᠲᠤᠭ᠎ᠠ ᠬᠡᠮᠵᠢᠶ᠎ᠡ ᠂ ᠬᠡᠷᠡᠭᠴᠡᠭᠡ ᠵᠡᠷᠭᠡ ᠮᠡᠳᠡᠭᠡ ᠵᠠᠩᠭᠢ ᠶᠢᠨ ᠪᠠᠶᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ ᠃ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ ᠂ ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠭᠳᠠᠭᠰᠠᠨ ᠬᠢᠮᠢ ᠶᠢᠨ ᠪᠣᠳᠠᠰ ᠲᠤ ᠬᠤᠯᠪᠣᠭᠳᠠᠯ ᠪᠦᠬᠦᠢ ᠦᠢᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠂ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠲᠤᠭ᠎ᠠ ᠬᠡᠮᠵᠢᠶ᠎ᠡ ᠵᠢᠴᠢ ᠠᠷᠭ᠎ᠠ ᠵᠠᠮ ᠂ ᠬᠤᠣᠷ ᠬᠥᠨᠥᠭᠡᠯ ᠤᠨ ᠣᠨᠴᠠᠭᠠᠢ ᠰᠢᠨᠵᠢ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠲᠠᠷᠬᠠᠯᠲᠠ ᠶᠢᠨ ᠪᠠᠶᠢᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠥᠷᠨᠢᠭᠦᠯᠦᠨ᠎ᠡ ᠃ 2023 ᠣᠨ ᠤ ᠡᠴᠦᠰ ᠠᠴᠠ ᠡᠮᠦᠨ᠎ᠡ ᠂ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠲᠡᠷᠢᠭᠦᠨ ᠡᠭᠡᠯᠵᠢ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ ︔ ᠠᠮᠢ ᠠᠬᠤᠢ ᠣᠷᠴᠢᠨ ᠲᠣᠭᠤᠷᠢᠨ ᠤ ᠶᠠᠮᠤᠨ ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠨᠢᠭᠡᠳᠦᠭᠡᠷ ᠪᠦᠯᠦᠭ ᠬᠢᠮᠢ ᠶᠢᠨ ᠪᠣᠳᠠᠰ ‍ᠤᠨ‌ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ︾ ᠳᠤ ᠵᠢᠭᠰᠠᠭᠠᠭᠳᠠᠭᠰᠠᠨ 20 ᠵᠦᠢᠯ ᠤᠨ ᠬᠢᠮᠢ ᠶᠢᠨ ᠪᠣᠳᠠᠰ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠵᠤ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ ᠃ ᠳᠣᠷᠣᠭᠰᠢ ᠪᠦᠷ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠨ ᠵᠢᠭᠰᠠᠭᠠᠬᠤ ᠦᠭᠡᠢ︶

      2. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠦᠷᠢᠨᠰᠢᠭᠦᠯᠵᠦ ᠂ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠣᠳᠣ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠭᠦᠢᠴᠡᠳ ᠠᠰᠢᠭᠯᠠᠵᠤ᠂ ᠬᠠᠳᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠂ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠂ ᠨᠡᠶᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠂ ᠬᠢᠮᠢ ᠶᠢᠨ ᠠᠵᠤ ᠦᠢᠯᠡᠳᠪᠦᠷᠢ ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠂ ᠪᠤᠵᠠᠷ ᠤᠰᠤ ᠶᠢ ᠰᠢᠢᠳᠪᠦᠷᠢᠯᠡᠬᠦ ᠂ ᠬᠤᠭ ᠨᠣᠪᠰᠢ ᠶᠢ ᠰᠢᠲᠠᠭᠠᠬᠤ ᠂ ᠠᠶᠤᠯ ᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠥᠷᠨᠢᠭᠦᠯᠵᠦ ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶

      3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ ᠂ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ ᠂ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ ᠂ ᠠᠩᠬᠠᠷᠤᠯ ᠳᠤ ᠶᠡᠬᠡᠳᠡ ᠬᠥᠷᠥᠭᠰᠡᠨ ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ ᠂ ᠣᠷᠴᠢᠨ ᠲᠣᠭᠤᠷᠢᠨ ᠤ ᠪᠠᠶᠢᠴᠠᠭᠠᠨ ᠭᠠᠷᠭᠠᠬᠤ ᠲᠣᠬᠢᠶᠠᠯᠳᠤᠮᠵᠢ ᠥᠨᠳᠥᠷ ᠂ ᠲᠠᠷᠠᠬᠠᠢ ᠮᠠᠶ᠋ᠢᠭ ᠤᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ ᠂ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠲᠤᠷᠰᠢᠯᠲᠠ ᠪᠠ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠶᠢ ᠥᠷᠨᠢᠭᠦᠯᠵᠦ ᠂ ᠪᠥᠬᠦ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠤᠬᠢᠷᠠᠭᠤᠯᠬᠤ ᠂ ᠣᠷᠴᠢᠨ ᠲᠣᠭᠤᠷᠢᠨ ᠤ ᠲᠦᠭᠰᠢᠭᠦᠷᠢ ᠪᠠᠷ ᠨᠡᠯᠢᠶᠡᠳ ᠶᠡᠭᠡ ᠬᠤᠣᠷ ᠬᠥᠨᠥᠭᠡᠯᠳᠦ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠭᠠᠷᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      4. ᠰᠢᠨ᠎ᠡ ᠪᠣᠬᠢᠷᠲᠤᠯ ᠪᠣᠳᠠᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠦᠷᠢ ᠲᠣᠳᠣᠷᠬᠠᠢ ᠬᠠᠭᠤᠳᠠᠰᠤ ᠶᠢ ᠲᠣᠭᠲᠠᠭᠠᠨ᠎ᠠ ᠃ ᠤᠷᠢᠳ ᠢᠶᠠᠷ ᠡᠵᠡᠮᠳᠡᠵᠦ ᠪᠦᠬᠦᠢ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ ᠂ ᠪᠢᠴᠢᠯ ᠰᠦᠯᠢᠶᠥᠦ ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠲᠤᠯ ᠪᠣᠳᠠᠰ ᠲᠠᠬᠢ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ ᠂ ︽ᠨᠢᠭᠡ ᠪᠣᠳᠠᠰ ᠲᠤ ᠨᠢᠭᠡ ᠠᠷᠭ᠎ᠠ ᠪᠣᠳᠣᠯᠭ᠎ᠠ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠤᠯᠤᠰ ᠠᠴᠠ ᠨᠡᠶᠢᠲᠡᠯᠡᠭᠰᠡᠨ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤᠨ ᠳᠤ ᠵᠢᠭᠰᠠᠭᠠᠭᠳᠠᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ ᠂ ᠬᠢᠵᠠᠭᠠᠷᠯᠠᠬᠤ ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ ᠂ ᠪᠥᠬᠦ ᠣᠷᠣᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠥᠬᠦᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ ᠢ ᠬᠥᠳᠡᠯᠦᠩᠭᠦᠢ ᠪᠠᠷ ᠲᠣᠭᠲᠠᠭᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠥᠬᠡᠬᠤᠲᠠ ᠪᠣᠭᠤᠮᠲᠠ ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠡᠮᠵᠢᠯᠡᠨ ᠰᠡᠷᠭᠡᠶᠢᠯᠡᠨ᠎ᠡ ᠃

      1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ ᠃ ︽ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ ᠂ ᠰᠢᠨ᠎ᠡ ᠬᠢᠮᠢ ᠶᠢᠨ ᠪᠣᠳᠠᠰ ᠢ ᠰᠤᠳᠤᠯᠬᠤ ᠂ ᠦᠢᠯᠡᠳᠪᠦᠷᠢᠯᠡᠬᠦ ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠯᠲᠠ ᠶᠢ ᠥᠷᠨᠢᠭᠦᠯᠵᠦ ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ ᠃ ︽ᠬᠤᠶᠠᠷ ᠢ ᠰᠤᠭᠤᠴᠢᠨ ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠤᠨ ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ ᠂ ᠭᠠᠳᠠᠭᠠᠳᠤ ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶

      2. ᠰᠢᠭᠰᠢᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ︾ ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ ᠂ ᠲᠠᠷᠢᠶᠠᠨ ᠡᠮ ᠂ ᠮᠠᠯ ᠤᠨ ᠡᠮ ᠂ ᠵᠠᠰᠠᠯ ᠴᠢᠮᠡᠭᠯᠡᠯ ᠤᠨ ᠡᠳ᠋ ᠵᠡᠷᠭᠡ ᠶᠢ ᠪᠣᠯ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠴᠠᠭ ᠲᠤᠬᠠᠢ ᠳᠤ ᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠦᠨ᠎ᠡ ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠢ ᠪᠣᠯ ᠂ ᠲᠡᠭᠦᠨ ᠤ ᠦᠢᠯᠡᠳᠬᠦᠨ ᠤ ᠪᠦᠷᠢᠳᠬᠡᠨ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠷᠭᠤᠭᠤᠯᠤᠨ ᠲᠠᠷᠬᠠᠭᠠᠬᠤ ᠪᠠᠨ ᠬᠠᠤᠯᠢ ᠶᠣᠰᠣᠭᠠᠷ ᠵᠣᠭᠰᠣᠭᠠᠨ᠎ᠠ ᠃ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠬᠠᠮᠢᠶᠠᠷᠤᠯᠲᠠ ᠪᠠᠨ ᠴᠢᠩᠭᠠᠳᠬᠠᠵᠤ ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠᠨ ᠴᠢᠩᠳᠠᠯᠠᠨ᠎ᠠ ᠃ ᠭᠠᠳᠠᠭᠠᠳᠤ ᠠᠴᠠ ᠣᠷᠣᠭᠤᠯᠬᠤ ︵ᠭᠠᠳᠠᠭᠠᠳᠤ ᠳᠤ ᠭᠠᠷᠭᠠᠬᠤ︶ ᠶᠢ ᠴᠠᠭᠠᠵᠠᠯᠠᠬᠤ ᠡᠳ᠋ ᠪᠠᠷᠠᠭ᠎ᠠ ᠶᠢᠨ ᠭᠠᠷᠴᠠᠭ ᠪᠣᠯᠣᠨ ︽ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠶᠢᠭ᠎ᠠ ᠬᠤᠣᠷ ᠲᠠᠢ ᠬᠢᠮᠢ ᠶᠢᠨ ᠪᠣᠳᠠᠰ ᠤᠨ ᠨᠡᠷ᠎ᠡ ᠶᠢᠨ ᠵᠢᠭᠰᠠᠭᠠᠯᠲᠠ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ ᠃ ᠨᠢᠭᠡᠨᠲᠡ ᠰᠢᠭᠰᠢᠭᠳᠡᠭᠦᠯᠦᠭᠰᠡᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ ᠂ ᠰᠢᠨ᠎ᠡ ᠪᠠᠷ ᠵᠢᠭᠰᠠᠭᠠᠭᠳᠠᠭᠰᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ᠨᠠᠭᠠᠳᠤᠮ ᠤᠨ ᠵᠦᠢᠯ ᠂ ᠰᠣᠷᠣᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠬᠦᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷ ᠲᠠᠢ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ ᠂ ᠦᠢᠯᠡᠳᠬᠦᠨ ᠤ ᠬᠡᠷᠡᠭᠯᠡᠭᠡᠨ ᠤ ᠶᠠᠪᠤᠴᠠ ᠳᠤ ᠪᠣᠢ ᠪᠣᠯᠭᠠᠭᠰᠠᠨ ᠰᠢᠨ᠎ᠡ ᠪᠣᠬᠢᠷᠲᠤᠯ ᠪᠣᠳᠠᠰ ᠢ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠪᠠᠨ ᠪᠠᠭᠠᠰᠬᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠥᠬᠡᠬᠤᠲᠠ ᠪᠣᠭᠤᠮᠲᠠ ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠭᠤᠷᠪᠠ︶ ᠶᠠᠪᠤᠴᠠ ᠶᠢᠨ ᠡᠵᠡᠮᠰᠢᠯ ᠢ ᠴᠢᠩᠭᠠᠷᠠᠭᠤᠯᠵᠤ ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ ᠃

      1. ᠴᠡᠪᠡᠷ ᠦᠢᠯᠡᠳᠪᠦᠷᠢᠯᠡᠯ ᠢ ᠴᠢᠩᠭᠠᠳᠬᠠᠵᠤ ᠂ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠵᠦ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠳᠤ ᠴᠡᠪᠡᠷ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠬᠢᠨᠠᠨ ᠬᠠᠷᠭᠤᠭᠤᠯᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ ᠂ ᠠᠵᠤ ᠠᠬᠤᠶᠢᠯᠠᠯ ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ ᠢ ᠬᠥᠨᠥᠭᠡᠯ ᠦᠭᠡᠢ ᠪᠠᠷ ᠣᠷᠣᠯᠠᠭᠤᠯᠬᠤ ᠂ ᠦᠢᠯᠡᠳᠪᠦᠷᠢᠯᠡᠬᠦ ᠤᠷ᠎ᠠ ᠮᠡᠷᠭᠡᠰᠢᠯ ᠢ ᠬᠥᠨᠥᠭᠡᠯ ᠦᠭᠡᠢ ᠪᠣᠯᠭᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠦᠨ ᠂ ᠴᠡᠪᠡᠷ ᠦᠢᠯᠡᠳᠪᠦᠷᠢᠯᠡᠯ ᠤᠨ ᠥᠭᠡᠷᠡᠴᠢᠯᠡᠨ ᠰᠢᠨᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠃ ᠠᠵᠤ ᠠᠬᠤᠶᠢᠯᠠᠯ ᠨᠢ ᠬᠤᠣᠷ ᠬᠥᠨᠥᠭᠡᠯ ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠶᠢᠭ᠎ᠠ ᠪᠠᠶᠢᠳᠠᠯ ᠵᠢᠴᠢ ᠭᠠᠳᠠᠭᠰᠢᠯᠠᠭᠤᠯᠵᠤ ᠪᠠᠶᠢᠭ᠎ᠠ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠨᠡᠷᠡᠶᠢᠳᠦᠯ ᠂ ᠥᠳᠬᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠠᠨ ᠨᠡᠶᠢᠲᠡ ᠶᠢᠨ ᠣᠶᠢᠯᠠᠭᠠᠵᠤ ᠮᠡᠳᠡᠬᠦ ᠳᠤ ᠬᠢᠯᠪᠠᠷᠬᠠᠨ ᠠᠷᠭ᠎ᠠ ᠬᠡᠯᠪᠡᠷᠢ ᠪᠠᠷ ᠨᠡᠶᠢᠲᠡᠯᠡᠬᠦ ᠬᠡᠷᠡᠭᠲᠡᠢ ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ ᠤᠨ ᠱᠠᠭᠠᠷᠳᠠᠯᠭ᠎ᠠ ᠶᠢ ᠪᠣᠬᠢᠷᠲᠤᠯ ᠦᠭᠡᠢ ᠦᠢᠯᠡᠳᠬᠦᠨ ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠂ ᠪᠣᠬᠢᠷᠲᠤᠯ ᠦᠭᠡᠢ ᠠᠵᠤ ᠦᠢᠯᠡᠳᠪᠦᠷᠢ ᠪᠣᠯᠣᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠳᠤ ᠣᠷᠣᠭᠤᠯᠬᠤ ᠵᠡᠷᠭᠡ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ ᠂ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠥᠷᠨᠢᠭᠦᠯᠦᠨ᠎ᠡ ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠣᠷ ᠢᠶᠠᠷ ᠢᠶᠠᠨ ᠵᠣᠷ ᠤᠨ ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠵᠦ ᠂ ᠮᠢᠬ᠎ᠠ ᠥᠨᠳᠡᠭᠡ ᠰᠦᠨ ᠭᠠᠷᠤᠯᠲᠠ ᠲᠠᠢ ᠭᠤᠣᠯ ᠪᠣᠯᠬᠤ ᠮᠠᠯ ᠵᠢᠭᠦᠷᠲᠡᠨ ᠤ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ ᠂ ᠮᠠᠯ ᠤᠨ ᠡᠮ ᠢ ᠬᠡᠷᠡᠭᠯᠡᠭᠰᠡᠨ ᠲᠡᠮᠳᠡᠭᠯᠡᠯ ᠂ ᠮᠠᠯ ᠳᠤ ᠬᠡᠷᠡᠭᠯᠡᠬᠦ ᠵᠣᠷ ᠤᠨ ᠡᠮ ᠪᠣᠯᠣᠨ ᠮᠠᠯ ᠤᠨ ᠡᠮ ᠤᠨ ᠡᠮ ᠵᠣᠭᠰᠣᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ ᠂ ᠠᠮᠢᠳᠠᠨ ᠤ ᠠᠰᠢᠭ ᠰᠢᠮ᠎ᠡ ᠶᠢᠨ ᠨᠢᠭᠡᠴᠢ ᠭᠠᠷᠤᠯᠲᠠ ᠳᠤ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠶᠢ ᠳᠣᠷᠣᠭᠰᠢᠯᠠᠬᠤ ᠬᠠᠨᠳᠤᠰᠢ ᠲᠠᠢ ᠪᠠᠶᠢᠯᠭᠠᠬᠤ ᠶᠢ ᠪᠠᠷᠢᠮᠲᠠᠯᠠᠵᠤ ᠂ ᠮᠠᠯ ᠵᠢᠭᠦᠷᠲᠡᠨ ᠤ ᠠᠰᠢᠭ ᠰᠢᠮ᠎ᠡ ᠳᠠᠬᠢ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠭᠤᠷᠠᠭᠤᠯᠤᠨ᠎ᠠ ᠃ 2025 ᠣᠨ ᠪᠣᠯᠬᠤ ᠳᠤ ᠂ 50% ᠠᠴᠠ ᠳᠡᠭᠡᠭᠰᠢᠬᠢ ᠲᠣᠭᠠᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠲᠡᠵᠢᠭᠡᠨ ᠦᠷᠡᠵᠢᠭᠦᠯᠬᠦ ᠶᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ ᠃ ᠡᠮ ᠬᠡᠷᠡᠭᠯᠡᠬᠦ ᠶᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢᠯᠡᠳᠦᠨ ᠬᠥᠭᠵᠢᠭᠦᠯᠬᠦ ᠶᠢ ᠵᠣᠷᠢᠭᠵᠢᠭᠤᠯᠵᠤ ᠂ ᠥᠨᠳᠥᠷ ᠪᠦᠲᠦᠮᠵᠢᠲᠦ ᠤᠷᠭᠤᠮᠠᠯ ᠤᠨ ᠬᠠᠮᠠᠭᠠᠯᠠᠯ ᠤᠨ ᠮᠧᠬᠠᠨᠢᠭ ᠢ ᠳᠡᠯᠭᠡᠷᠡᠭᠦᠯᠦᠨ ᠂ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠯᠦᠭᠡ ᠠᠭᠤᠰᠤᠯᠴᠠᠭᠤᠯᠬᠤ ᠶᠢ ᠠᠬᠢᠭᠤᠯᠵᠤ ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ ᠂ ᠲᠠᠷᠢᠶᠠᠨ ᠡᠮ ᠬᠡᠷᠡᠭᠯᠡᠬᠦ ᠡᠷᠴᠢᠮ ᠢ ᠰᠤᠯᠠᠷᠠᠭᠤᠯᠤᠨ᠎ᠠ ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠠᠮᠢ ᠠᠬᠤᠢ ᠢᠶᠠᠷ ᠲᠣᠬᠢᠷᠠᠭᠤᠯᠤᠨ ᠡᠵᠡᠮᠳᠡᠬᠦ ᠂ ᠡᠭᠡᠯᠢᠯᠡᠭᠡ ᠶᠢᠨ ᠪᠠᠺᠲ᠋ᠧᠷᠢ ᠳᠠᠷᠤᠬᠤ ᠶᠢ ᠥᠳᠥᠭᠡᠬᠦ ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠂ ᠹᠢᠽᠢᠺ ᠬᠢᠮᠢ ᠪᠠᠷ ᠥᠳᠥᠭᠡᠨ ᠡᠵᠡᠮᠳᠡᠬᠦ ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠮᠬᠢᠳᠬᠡᠨ ᠳᠡᠯᠭᠡᠷᠡᠭᠦᠯᠵᠦ ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ ᠃ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠶᠢ ᠦᠷᠭᠦᠯᠵᠢᠯᠡᠨ ᠠᠬᠢᠭᠤᠯᠵᠤ ᠂ ᠲᠠᠷᠢᠶᠠᠨ ᠡᠮ ᠤᠨ ᠦᠢᠯᠡᠳᠪᠦᠷᠢᠯᠡᠬᠦ ᠭᠤᠭᠴᠤᠭ᠎ᠠ ᠳᠤ ᠡᠭᠡᠭᠦᠯᠦᠨ ᠬᠤᠷᠢᠶᠠᠬᠤ ᠳᠤ ᠳᠥᠭᠦᠮ ᠪᠦᠬᠦᠢ ᠪᠠᠭᠲᠠᠭᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠶᠢ ᠵᠣᠷᠢᠭᠵᠢᠭᠤᠯᠵᠤ ᠂ ᠲᠠᠷᠢᠶᠠᠨ ᠡᠮ ᠤᠨ ᠦᠢᠯᠡᠳᠪᠦᠷᠢᠯᠡᠭᠴᠢ ᠂ ᠡᠵᠡᠩᠨᠡᠭᠴᠢ ᠶᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠪᠠᠨ ᠪᠡᠶᠡᠯᠡᠭᠦᠯᠬᠦ ᠲᠠᠯ᠎ᠠ ᠪᠠᠷ ᠰᠢᠮᠳᠠᠭᠤᠯᠤᠨ ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ ᠃ 2025 ᠣᠨ ᠪᠣᠯᠬᠤ ᠳᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠭᠡᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠳᠥᠷᠪᠡ︶ ᠦᠵᠦᠭᠦᠷ ᠤᠨ ᠵᠠᠰᠠᠯᠲᠠ ᠶᠢ ᠭᠦᠨᠵᠡᠭᠡᠶᠢᠷᠡᠭᠦᠯᠵᠦ ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠠᠭᠤᠷᠠᠭᠤᠯᠤᠨ᠎ᠠ ᠃

      1. ᠰᠢᠨ᠎ᠡ ᠪᠣᠬᠢᠷᠲᠤᠯ ᠪᠣᠳᠠᠰ ᠢ ᠣᠯᠠᠨ ᠣᠷᠴᠢᠨ ᠲᠣᠭᠤᠷᠢᠨ ᠤ ᠵᠠᠭᠤᠴᠢ ᠪᠠᠷ ᠬᠠᠮᠵᠢᠯᠴᠠᠨ ᠵᠠᠰᠠᠬᠤ ᠶᠢ ᠴᠢᠩᠭᠠᠳᠬᠠᠨ᠎ᠠ ᠃ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠬᠤ ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠯ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠳᠤ ᠣᠷᠣᠭᠤᠯᠬᠤ ᠬᠡᠷᠡᠭᠲᠡᠢ ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠢ ᠲᠡᠮᠳᠡᠭᠯᠡᠵᠦ ᠂ ᠭᠠᠳᠠᠭᠰᠢᠯᠠᠭᠤᠯᠬᠤ ︵ᠪᠣᠬᠢᠷᠲᠤᠯ ᠪᠣᠳᠠᠰ ᠭᠠᠳᠠᠭᠰᠢᠯᠠᠭᠤᠯᠬᠤ︶ ᠠᠮᠠᠰᠠᠷ ᠵᠢᠴᠢ ᠡᠷᠭᠢᠨ ᠲᠣᠭᠤᠷᠢᠨ ᠤ ᠣᠷᠴᠢᠨ ᠠᠬᠤᠢ ᠳᠤ ᠣᠷᠴᠢᠨ ᠲᠣᠭᠤᠷᠢᠨ ᠤ ᠬᠢᠨᠠᠨ ᠰᠢᠨᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ ᠂ ᠣᠷᠴᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠃ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠨᠢ ᠬᠤᠣᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ ᠂ ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠤᠨ ᠂ ᠬᠤᠣᠷ ᠬᠥᠨᠥᠭᠡᠯ ᠲᠠᠢ ᠪᠣᠳᠠᠰ ᠤᠨ ᠨᠡᠪᠴᠢᠬᠦ ᠂ ᠤᠷᠤᠰᠬᠤ ᠂ ᠰᠠᠷᠨᠢᠬᠤ ᠠᠴᠠ ᠰᠡᠷᠭᠡᠶᠢᠯᠡᠬᠦ ᠬᠡᠷᠡᠭᠲᠡᠢ ᠃ ᠬᠤᠣᠷ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢ ᠦᠨᠡᠨ ᠬᠦ ᠴᠢᠩᠭᠠᠳᠬᠠᠵᠤ ᠂ ᠬᠠᠮᠢᠶ᠎ᠠ ᠪᠦᠬᠦᠢ ᠪᠣᠬᠢᠷᠲᠤᠯ ᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶

      2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠢ ᠠᠭᠤᠯᠬᠤ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠶᠢ ᠴᠢᠩᠭᠠᠷᠠᠭᠤᠯᠤᠨ᠎ᠠ ᠃ ᠬᠠᠶᠠᠭᠳᠠᠮᠠᠯ ᠡᠮ ᠤᠨ ᠵᠦᠢᠯ ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ ᠂ ᠬᠠᠶᠠᠭᠳᠠᠮᠠᠯ ᠤᠷᠪᠠᠯ ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠣᠳᠣ ᠪᠠᠶᠢᠭ᠎ᠠ ᠱᠦᠢᠨᠢ ᠶᠢᠨ ᠤᠭᠤᠷᠭᠠᠢ ᠵᠡᠷᠭᠡ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠶᠠᠭᠳᠠᠮᠠᠯ ᠡᠮ ᠤᠨ ᠵᠦᠢᠯ ᠂ ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ ᠂ ᠬᠥᠬᠡᠬᠤᠲᠠ ᠪᠠᠶᠠᠨᠨᠠᠭᠤᠷ ᠬᠤᠲᠠ ᠶᠢᠨ ᠨᠢᠶᠠᠨ ᠳᠠᠷᠤᠭᠴᠢ ᠪᠠᠺᠲ᠋ᠧᠷᠢ ᠶᠢᠨ ᠰᠢᠭᠠᠷᠤ ᠶᠢ ᠬᠤᠣᠷ ᠦᠭᠡᠶᠢᠳᠡᠭᠦᠯᠦᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠶᠡᠭᠡ ᠪᠠᠷ ᠳᠡᠯᠭᠡᠷᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      3.ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ ᠂ ᠪᠣᠬᠢᠷᠲᠤᠯ ᠢ ᠵᠠᠰᠠᠬᠤ ᠶᠢ ᠠᠬᠢᠭᠤᠯᠤᠨ᠎ᠠ ᠃ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠳ᠋ᠦᠩ ᠢ ᠦᠨᠳᠦᠰᠦᠯᠡᠨ ᠂ ᠬᠢᠮᠢ ᠶᠢᠨ ᠠᠵᠤ ᠦᠢᠯᠡᠳᠪᠦᠷᠢ ᠂ ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ ᠂ ᠭᠤᠣᠯᠳᠠᠯᠭ᠎ᠠ ᠲᠠᠢ ᠠᠵᠤ ᠠᠬᠤᠶᠢᠯᠠᠯ ᠢ ᠰᠣᠩᠭᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠦᠨ᠎ᠡ ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢᠨ ᠳᠤᠮᠳᠠᠬᠢ ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ ᠂ ᠨᠥᠬᠦᠴᠡᠯ ᠲᠠᠢ ᠠᠵᠤ ᠠᠬᠤᠶᠢᠯᠠᠯ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ ᠂ ᠰᠢᠨ᠎ᠡ ᠪᠣᠬᠢᠷᠲᠤᠯ ᠪᠣᠳᠠᠰ ᠡᠭᠦᠰᠬᠡᠬᠦ ᠪᠠ ᠭᠠᠳᠠᠭᠰᠢᠯᠠᠭᠤᠯᠬᠤ ᠶᠢ ᠪᠠᠭᠠᠰᠬᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠨ ᠪᠠᠬᠢᠵᠢᠭᠦᠯᠦᠨ᠎ᠡ ᠃

      1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ ᠲᠦᠰᠢᠭᠯᠡᠨ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ ᠂ ᠬᠤᠣᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠬᠡᠮᠵᠢᠵᠦ ᠵᠠᠳᠠᠯᠬᠤ ᠂ ᠲᠦᠭᠰᠢᠭᠦᠷᠢ ᠶᠢ ᠦᠨᠡᠯᠡᠨ ᠵᠢᠱᠢᠬᠦ ᠂ ᠭᠠᠳᠠᠭᠰᠢᠯᠠᠭᠤᠯᠤᠯᠲᠠ ᠶᠢᠨ ᠤᠭ ᠦᠨᠳᠦᠰᠦ ᠶᠢ ᠨᠢ ᠡᠷᠢᠬᠦ ᠂ ᠪᠦᠲᠦᠮᠵᠢᠲᠡᠢ ᠠᠷᠢᠯᠭᠠᠬᠤ ᠵᠡᠷᠭᠡ ᠮᠡᠷᠭᠡᠵᠢᠯ ᠢ ᠰᠤᠳᠤᠯᠤᠨ ᠨᠡᠭᠡᠭᠡᠬᠦ ᠬᠢᠭᠡᠳ ᠦᠨᠡᠯᠡᠬᠦ ᠳᠤ ᠳᠡᠮᠵᠢᠯᠭᠡ ᠦᠵᠡᠭᠦᠯᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠯᠡᠴᠡ ᠶᠢ ᠨᠡᠮᠡᠭᠳᠡᠭᠦᠯᠦᠨ᠎ᠡ ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      2. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠠᠭᠤᠷᠢ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ ᠂ ᠬᠠᠤᠯᠢ ᠬᠡᠷᠡᠭᠵᠢᠭᠦᠯᠬᠦ ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠬᠢᠷᠢ ᠭᠡᠮ ᠪᠣᠯᠣᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠰᠢᠨ᠎ᠡ ᠪᠣᠬᠢᠷᠲᠤᠯ ᠪᠣᠳᠠᠰ ᠤᠨ ᠨᠡᠶᠢᠭᠡᠮᠴᠢᠯᠡᠭᠰᠡᠨ ᠬᠢᠨᠠᠨ ᠬᠡᠮᠵᠢᠯᠲᠡ ᠶᠢ ᠵᠣᠷᠢᠭᠵᠢᠭᠤᠯᠵᠤ ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠤᠰᠬᠠᠢ ᠵᠦᠢᠯ ᠤᠨ ᠪᠣᠯᠪᠠᠰᠤᠷᠠᠯ ᠢ ᠥᠷᠨᠢᠭᠦᠯᠵᠦ ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠬᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠷᠭᠡᠵᠢᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠷᠠᠭᠤᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ

      ︵ᠨᠢᠭᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ ᠂ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠪᠣᠳᠠᠲᠠᠢ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠲᠦᠷᠦᠭᠦᠯᠡᠨ ᠬᠠᠷᠢᠭᠤᠴᠠᠵᠤ ᠶᠡᠷᠦᠩᠬᠡᠶᠢᠯᠡᠨ ᠠᠳᠬᠤᠬᠤ ᠦᠢᠯᠡᠳᠦᠯ ᠢ ᠦᠨᠡᠨ ᠬᠦ ᠪᠠᠳᠠᠷᠠᠭᠤᠯᠵᠤ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋ ᠤᠨ ᠵᠠᠰᠠᠭ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠂ ᠭᠠᠶᠢᠯᠢ ᠶᠢᠨ ᠶᠠᠪᠤᠳᠠᠯ ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠵᠥᠪᠳᠡᠯᠴᠡᠨ ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠪᠠᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ ᠂ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠯᠪᠤᠭᠠᠯᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠥᠷᠨᠢᠭᠦᠯᠵᠦ ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ ᠂ 2025 ᠣᠨ ᠳᠤ ᠲᠣᠰ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠢ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠳᠤᠮᠳᠠ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠬᠤᠶᠠᠷ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠡᠯ᠎ᠡ ᠰᠠᠯᠠᠭ᠎ᠠ ᠮᠥᠴᠢᠷ ᠨᠢᠭᠡᠴᠢ ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠶᠢ ᠴᠢᠩᠭᠠᠷᠠᠭᠤᠯᠵᠤ ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠤᠯᠢ ᠬᠡᠷᠡᠭᠵᠢᠭᠦᠯᠬᠦ ᠬᠢᠨᠠᠨ ᠬᠡᠮᠵᠢᠯᠲᠡ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠵᠦ ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠬᠦ ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠥᠬᠡᠬᠤᠲᠠ ᠪᠣᠭᠤᠮᠲᠠ ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠭᠤᠷᠪᠠ︶ ᠪᠡᠯᠡ ᠮᠥᠩᠭᠦᠨ ᠤ ᠣᠷᠤᠭᠤᠯᠤᠯᠲᠠ ᠶᠢ ᠨᠡᠮᠡᠭᠳᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ ᠂ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠵᠤ ᠬᠢᠨᠠᠨ ᠬᠡᠮᠵᠢᠬᠦ ᠂ ᠰᠢᠭᠰᠢᠨ ᠪᠠᠶᠢᠴᠠᠭᠠᠵᠤ ᠦᠨᠡᠯᠡᠨ ᠵᠢᠱᠢᠬᠦ ᠂ ᠲᠤᠷᠰᠢᠯᠲᠠ ᠶᠢᠨ ᠴᠡᠭ ᠪᠠᠶᠢᠭᠤᠯᠵᠤ ᠵᠢᠱᠢᠶ᠎ᠡ ᠦᠵᠡᠭᠦᠯᠬᠦ ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠤᠭᠤᠯᠤᠯᠲᠠ ᠪᠠᠷ ᠬᠥᠲᠥᠯᠥᠮᠵᠢ ᠪᠣᠯᠭᠠᠭᠰᠠᠨ ᠣᠯᠠᠨ ᠡᠰᠢᠵᠢᠭᠰᠡᠨ ᠪᠡᠯᠡ ᠮᠥᠩᠭᠦᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ ᠃ ᠪᠡᠯᠡ ᠮᠥᠩᠭᠦᠨ ᠤ ᠣᠷᠤᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ ᠂ ᠨᠡᠩ ᠣᠯᠠᠨ ᠨᠡᠶᠢᠭᠡᠮ ᠂ ᠮᠥᠩᠭᠦᠨ ᠭᠦᠢᠯᠭᠡᠭᠡᠨ ᠤ ᠬᠥᠷᠥᠩᠭᠡ ᠶᠢ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠦᠷᠢᠶᠡᠨ ᠳᠤ ᠣᠷᠣᠭᠤᠯᠬᠤ ᠪᠠᠷ ᠵᠢᠯᠤᠭᠤᠳᠬᠤ ᠪᠠ ᠵᠣᠷᠢᠭᠵᠢᠭᠤᠯᠤᠨ᠎ᠠ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠨᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠳᠥᠷᠪᠡ︶ ᠤᠬᠠᠭᠤᠯᠤᠨ ᠵᠢᠯᠤᠭᠤᠳᠬᠤ ᠶᠢ ᠴᠢᠩᠭᠠᠳᠬᠠᠨ᠎ᠠ ᠃ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ ᠂ ᠣᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠮᠠᠭᠤᠳᠠᠭᠤᠯᠬᠤ ᠪᠠ ᠡᠷᠡᠭᠦᠯ ᠮᠡᠨᠳᠦ ᠶᠢ ᠬᠤᠬᠢᠷᠠᠭᠤᠯᠬᠤ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠣᠬᠢᠷᠲᠤᠯ ᠦᠭᠡᠢ ᠬᠡᠷᠡᠭᠯᠡᠭᠡᠨ ᠤ ᠣᠨᠣᠯᠵᠢᠬᠤᠨ ᠢ ᠨᠢ ᠴᠢᠩᠭᠠᠷᠠᠭᠤᠯᠤᠨ᠎ᠠ ᠃ ᠣᠯᠠᠨ ᠨᠡᠶᠢᠲᠡ ᠶᠢᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠵᠤ ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠭᠦᠢᠴᠡᠳᠬᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠡᠷ᠎ᠡ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2023 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ

      

     

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ