ᠲᠦᠩᠯᠢᠶᠣᠣ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 15 ᠨᠡᠮᠡᠭᠳᠡᠪᠡ
ᠨᠡᠶᠢᠲᠡᠯᠡᠭᠰᠡᠨ ᠴᠠᠭ᠄
2024/2/21

      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠳᠠᠩᠰᠠᠯᠠᠭᠤᠯᠤᠭᠰᠠᠨ ᠨᠡᠷᠡᠰ ᠢ ᠨᠡᠶᠢᠲᠡᠯᠡᠵᠦ᠂ ᠲᠦᠩᠯᠢᠶᠣᠣ ᠬᠤᠲᠠ ᠶᠢᠨ ︽ᠺᠧ ᠰᠢᠶᠠᠩ ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠰᠤᠳᠤᠯᠤᠨ ᠨᠡᠭᠡᠭᠡᠬᠦ ᠲᠥᠪ︾ ︽ᠲᠦᠩ ᠱᠦᠨ ᠨᠡᠭᠦᠷᠡᠰᠦᠲᠥ᠋ᠷᠥᠭᠴᠢ ᠶᠢᠨ ᠤᠷᠢᠳᠴᠢᠯᠠᠨ ᠬᠠᠯᠠᠭᠠᠬᠤ ᠠᠷᠭ᠎ᠠ ᠲᠤᠶᠢᠯ ᠢ ᠰᠤᠳᠤᠯᠤᠨ ᠨᠡᠭᠡᠭᠡᠬᠦ ᠲᠥᠪ︾ ᠵᠡᠷᠭᠡ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠢᠨ᠎ᠡ ᠡᠨᠧᠷᠭᠢ ᠵᠡᠷᠭᠡ ᠣᠯᠠᠨ ᠬᠦᠷᠢᠶᠡᠨ ᠳᠤ ᠬᠤᠯᠪᠣᠭᠳᠠᠭᠰᠠᠨ 15 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠥᠪᠰᠢᠶᠡᠷᠡᠯ ᠣᠯᠵᠤ ᠳᠠᠩᠰᠠᠯᠠᠭᠤᠯᠵᠠᠢ᠃
      ᠣᠶᠢᠷ᠎ᠠ ᠶᠢᠨ ᠵᠢᠯ ᠤᠳ ᠲᠤ᠂ ᠲᠦᠩᠯᠢᠶᠣᠣ ᠬᠤᠲᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠨ ᠦᠷᠭᠦᠯᠵᠢᠯᠡᠨ ᠡᠷᠴᠢᠮᠵᠢᠭᠦᠯᠵᠦ᠂ ᠠᠵᠤ ᠠᠬᠤᠶᠢᠯᠠᠯ ᠢ ᠪᠣᠶᠢᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠤᠲᠠ ᠶᠢᠨ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠪᠠᠷ ᠰᠠᠭᠤᠷᠢ ᠪᠣᠯᠭᠠᠵᠤ᠂ ᠠᠵᠤ ᠠᠬᠤᠶᠢᠯᠠᠯ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠂ ᠪᠦᠬᠦ ᠬᠤᠲᠠ ᠶᠢᠨ ᠰᠤᠳᠤᠯᠤᠨ ᠨᠡᠭᠡᠭᠡᠬᠦ ᠲᠠᠪᠴᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠯᠦᠭᠡ ᠶᠢᠨ ᠵᠣᠬᠢᠴᠠᠯᠳᠤᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ ᠢ ᠢᠳᠡᠪᠬᠢᠲᠡᠢ ᠪᠠᠷ ᠲᠠᠨᠢᠯᠴᠠᠭᠤᠯᠤᠨ ᠮᠡᠳᠡᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠦᠴᠦᠨ ᠵᠦᠢᠯ ᠤᠨ ᠴᠤᠭᠯᠠᠷᠠᠯ ᠢ ᠲᠦᠷᠭᠡᠳᠬᠡᠨ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 48᠂ ᠬᠤᠲᠠ ᠶᠢᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 39 ᠪᠣᠶᠢᠵᠢᠭᠤᠯᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠶᠢ ᠠᠬᠢᠭᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠯᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃
      ᠳᠠᠷᠠᠭᠠᠴᠢ ᠶᠢᠨ ᠠᠯᠬᠤᠮ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠣᠲᠣ ᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠢ ᠣᠨᠣᠴᠠᠲᠠᠢ ᠪᠠᠷ ᠬᠠᠪᠰᠤᠷᠴᠤ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠥᠨᠳᠥᠷ ᠲᠦᠪᠰᠢᠨ ᠪᠦᠬᠦᠢ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠠᠬᠢᠭᠤᠯᠬᠤ ᠶᠢᠨ ᠬᠠᠮᠲᠤ ︽ᠰᠤᠳᠤᠯᠤᠨ ᠨᠡᠭᠡᠭᠡᠬᠦ ᠤᠭᠤᠷᠴᠤᠭ ᠬᠠᠷᠢᠶ᠎ᠠ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠪᠠᠲᠤᠯᠠᠭ᠎ᠠ ᠪᠠ ᠲᠤᠰᠠᠯᠠᠮᠵᠢ ᠬᠠᠩᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ