︽ᠠᠷᠪᠠᠨ ᠳᠥᠷᠪᠡᠳᠦᠭᠡᠷ ᠡᠪᠦᠯ︾ ᠤᠨ ᠤᠯᠠᠭᠠᠨᠴᠠᠪ ᠤᠨ ᠯᠢᠶᠡᠩᠴᠧᠩ ᠤᠷᠤᠯᠳᠤᠭᠠᠨ ᠤ ᠲᠣᠭᠤᠷᠢᠭ ᠲᠤ ᠨᠢᠭᠡᠨᠲᠡ 18 ᠠᠯᠲᠠᠨ ᠮᠧᠳᠠᠯ ᠲᠣᠳᠣᠷᠠᠪᠠ
ᠨᠡᠶᠢᠲᠡᠯᠡᠭᠰᠡᠨ ᠴᠠᠭ᠄
2024/2/22


      ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠯᠠᠭᠠᠨᠴᠠᠪ ᠲᠠᠬᠢ ᠤᠷᠤᠯᠳᠤᠭᠠᠨ ᠤ ᠲᠣᠭᠤᠷᠢᠭ ᠲᠤ ᠤᠷᠤᠯᠳᠤᠬᠤ ᠴᠠᠭ ᠨᠢ 2024 ᠣᠨ ᠤ 2 ᠳ᠋ᠤᠭᠠᠷ ᠰᠠᠷ᠎ᠠ ᠶᠢᠨ 14 ᠤ ᠡᠳᠦᠷ ᠠᠴᠠ 2 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ ᠪᠠᠶᠢᠵᠤ᠂ ᠲᠤᠰ ᠤᠷᠤᠯᠳᠤᠭᠠᠨ ᠤ ᠲᠣᠭᠤᠷᠢᠭ ᠲᠤ ᠬᠡᠭᠡᠷᠡᠯᠡᠨ ᠴᠠᠨᠠᠯᠠᠬᠤ ᠂ ᠡᠪᠦᠯ ᠤᠨ ᠬᠤᠶᠠᠷ ᠲᠥᠷᠥᠯ ᠂ ᠲᠠᠩ ᠴᠠᠨ᠎ᠠ ᠪᠠᠷ ᠰᠠᠭᠠᠳ ᠳᠠᠪᠠᠨ ᠲᠠᠭᠤᠯᠴᠠᠬᠤ᠂ ᠴᠢᠯᠦᠭᠡᠲᠦ ᠴᠠᠨᠠᠯᠠᠯᠲᠠ ᠶᠢᠨ ᠰᠠᠭᠠᠳ ᠳᠠᠪᠠᠨ ᠲᠠᠭᠤᠯᠴᠠᠬᠤ ᠵᠡᠷᠭᠡ 4 ᠬᠤᠪᠢᠶᠠᠷᠢ᠂ 38 ᠪᠠᠭ᠎ᠠ ᠲᠥᠷᠥᠯ ᠤᠨ ᠤᠷᠤᠯᠳᠤᠭᠠᠨ ᠢ ᠬᠠᠮᠤᠷᠴᠤ ᠂ 383 ᠲᠠᠮᠢᠷᠴᠢᠨ ᠤᠷᠤᠯᠳᠤᠭᠠᠨ ᠳᠤ ᠣᠷᠣᠯᠴᠠᠨ ᠂ ᠨᠡᠶᠢᠲᠡ 38 ᠠᠯᠲᠠᠨ ᠮᠧᠳᠠᠯ ᠲᠣᠳᠤᠷᠠᠭᠤᠯᠬᠤ ᠪᠣᠯᠣᠨ᠎ᠠ ᠃ 2 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠨᠢᠭᠡᠨᠲᠡ 18 ᠠᠯᠲᠠᠨ ᠮᠧᠳᠠᠯ ︵ ᠬᠡᠭᠡᠷᠡᠯᠡᠨ ᠴᠠᠨᠠᠯᠠᠬᠤ ᠤᠷᠤᠯᠳᠤᠭᠠᠨ ᠳᠤ 8᠂ ᠡᠪᠦᠯ ᠤᠨ ᠬᠤᠶᠠᠷ ᠲᠥᠷᠥᠯ ᠤᠨ ᠤᠷᠤᠯᠳᠤᠭᠠᠨ ᠳᠤ 6᠂ ᠰᠠᠭᠠᠳ ᠳᠠᠪᠠᠨ ᠲᠠᠭᠤᠯᠴᠠᠬᠤ ᠤᠷᠤᠯᠳᠤᠭᠠᠨ ᠳᠤ 4︶ ᠲᠣᠳᠤᠷᠠᠭᠤᠯᠤᠭᠠᠳ ᠪᠤᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ